ᠡᠨᠡ ᠵᠢᠯ ᠤᠨ 6 ᠳ᠋ᠤᠭᠠᠷ ᠰᠠᠷ᠎ᠠ ᠪᠣᠯ 23 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ 6 ᠳ᠋ᠤᠭᠠᠷ ᠰᠠᠷ᠎ᠠ ᠶᠢᠨ 29 ᠤ ᠡᠳᠦᠷ ᠪᠣᠯ ᠠᠩᠬᠠᠳᠠᠭᠴᠢ ︽ᠪᠥᠬᠦ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠶᠢᠨ ᠡᠳᠦᠷ︾ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯᠯᠠᠭ᠎ᠠ ᠶᠢᠨ ᠲᠥᠰᠦᠯ ᠢ ᠤᠷᠢᠳᠴᠢᠯᠠᠨ ᠲᠣᠭᠲᠠᠭᠠᠵᠤ᠂ ᠵᠠᠩᠭᠢᠯᠠᠭ᠎ᠠ ᠶᠢᠨ ᠴᠡᠭ ᠢ ᠵᠦᠶ ᠵᠣᠬᠢᠰᠲᠠᠶ ᠲᠥᠯᠥᠪᠵᠢᠭᠦᠯᠦᠨ ᠠᠬᠢᠭᠤᠯᠵᠤ᠂ ᠡᠯ᠎ᠡ ᠠᠶᠢᠮᠠᠭ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠢᠯᠭᠠᠨ ᠬᠡᠮᠵᠢᠬᠦ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠪᠠᠷ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
ᠬᠥᠮᠥᠨ ᠢᠶᠠᠷ ᠦᠨᠳᠦᠰᠦ ᠪᠣᠯᠭᠠᠵᠤ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠴᠢᠬᠤᠯᠠᠴᠢᠯᠠᠪᠠ
ᠠᠵᠢᠯᠯᠠᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠢᠯᠭᠠᠨ ᠬᠡᠮᠵᠢᠬᠦ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠤᠨ ᠬᠢᠨ ᠬᠥᠮᠦᠨ ᠣᠯᠠᠨ ᠴᠤᠭᠯᠠᠷᠠᠳᠠᠭ ᠠᠭᠤᠳᠠᠮ ᠲᠠᠯᠠᠪᠠᠶ᠂ ᠴᠡᠴᠡᠷᠯᠢᠭ᠂ ᠵᠠᠮ ᠬᠠᠷᠢᠯᠴᠠᠭᠠᠨ ᠤ ᠬᠦᠢᠰᠦ ᠳᠤ ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠯᠭ᠎ᠠ ᠶᠢᠨ ᠡᠳᠦᠷ ︾ ᠢ 10 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ ᠲᠤᠰᠬᠠᠶ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠢᠯᠡᠳᠬᠦᠨ ᠤ ᠦᠵᠡᠭᠦᠯᠭᠡ ᠶᠢᠨ ᠲᠣᠭᠤᠷᠢᠭ᠂ ᠠᠮᠤᠷ ᠲᠦᠪᠰᠢᠨ ᠤ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠶᠢᠨ ᠲᠣᠭᠤᠷᠢᠭ ᠢ ᠳᠣᠭᠢᠷᠠᠭᠤᠯᠤᠨ ᠲᠤᠬᠠᠶ ᠶᠢᠨ ᠲᠠᠯᠠᠪᠤᠷ ᠲᠤ ᠲᠣᠭᠤᠷᠢᠨ ᠦᠵᠡᠵᠦ ᠠᠰᠠᠭᠤᠨ ᠯᠠᠪᠯᠠᠬᠤ ᠣᠯᠠᠨ ᠲᠦᠮᠡᠨ ᠳᠤ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠤᠮᠵᠢ ᠬᠢᠪᠠ᠃ ᠠᠵᠢᠯᠯᠠᠭ᠎ᠠ ᠶᠢᠨ ᠬᠤᠭᠤᠴᠠᠭᠠᠨ ᠳᠤ ᠨᠡᠶᠢᠳᠡ 3000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠦ᠂ ᠬᠦᠯᠢᠶᠡᠨ ᠠᠪᠤᠬᠴᠢᠳ ᠤᠨ ᠲᠤᠭ᠎ᠠ 5000 ᠭᠠᠷᠤᠢ ᠬᠥᠷᠪᠡ᠃
ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ 50 ᠭᠠᠷᠤᠶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ 6 ᠲᠠᠯᠠᠪᠤᠷ ᠥᠷᠨᠢᠭᠦᠯᠵᠦ᠂ 1000 ᠭᠠᠷᠤᠶ ᠰᠣᠷᠣᠭᠴᠢ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠬᠡᠷᠬᠢᠨ ᠠᠮᠤᠷ ᠲᠦᠪᠰᠢᠨ᠂ ᠰᠢᠨᠵᠢᠯᠡᠬᠦ ᠤᠬᠠᠭᠠᠨᠴᠢ ᠪᠠᠷ ᠴᠠᠬᠢᠯᠭᠠᠨ ᠱᠠᠲᠤ᠂ ᠬᠡᠶᠢᠲᠦ ᠯᠣᠩᠬᠤ᠂ ᠭᠦᠸᠧᠯᠦ᠂ ᠳᠠᠷᠤᠯᠲᠠᠲᠤ ᠰᠠᠪᠠ ᠵᠡᠷᠭᠡ ᠡᠯ᠎ᠡ ᠲᠥᠷᠥᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠢᠴᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠭᠡᠨᠡᠳᠲᠡ ᠶᠢᠨ ᠠᠳᠡᠯ ᠭᠠᠷᠬᠤ ᠦᠶ᠎ᠡ ᠳᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠶᠢ ᠨᠠᠷᠢᠨ ᠲᠠᠶᠢᠯᠪᠤᠷᠢᠯᠠᠪᠠ᠃



︽ᠳᠥᠷᠪᠡ ᠶᠢ ᠨᠢᠭᠡ ᠴᠣᠭᠴᠠᠵᠢᠭᠤᠯᠵᠤ︾᠂ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠢᠨ᠎ᠡ ᠪᠠᠶᠢᠷᠢᠰᠢᠯ ᠢ ᠪᠣᠶ ᠪᠣᠯᠭᠠᠪᠠ
ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠨᠢᠭᠡᠨᠲᠡ ᠪᠠᠶᠢᠭᠤᠯᠤᠭᠰᠠᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠥᠮᠦᠵᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪ ᠪᠣᠯ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ᠂ ᠲᠤᠰᠬᠠᠶ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ᠂ ᠠᠵᠢᠯᠯᠠᠬᠤ ᠠᠵᠢᠯᠲᠠᠨ ᠤ ᠪᠣᠯᠪᠠᠰᠤᠷᠠᠯ᠂ ᠠᠵᠤ ᠦᠢᠯᠡᠰ ᠤᠨ ᠦᠵᠡᠭᠦᠯᠦᠯᠭᠡ ᠶᠢ ᠨᠢᠭᠡ ᠴᠣᠭᠴᠠᠵᠢᠭᠤᠯᠤᠭᠰᠠᠨ ︽ᠨᠢᠭᠡ ᠥᠷᠲᠡᠭᠡ ᠮᠠᠶ᠋ᠢᠭ︾ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠮᠥᠨ᠂ ᠮᠦᠽᠧᠶ᠂ ᠦᠵᠡᠰᠬᠦᠯᠡᠩ ᠤᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶᠡᠴᠢᠯᠡᠨ ᠣᠶᠢᠯᠠᠭᠠᠬᠤ ᠣᠷᠳᠣᠨ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠣᠯᠠᠨ ᠴᠢᠳᠠᠮᠵᠢᠲᠤ ᠲᠠᠯᠠᠪᠤᠷ ᠣᠷᠳᠣᠨ ᠮᠥᠨ᠃
ᠡᠨᠡ ᠵᠢᠯ ᠤᠨ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠬᠤᠭᠤᠴᠠᠭᠠᠨ ᠳᠤ᠂ ᠰᠢᠷᠢᠰ ᠠᠮᠤᠷ ᠲᠦᠪᠰᠢᠨ ᠤ ᠪᠣᠯᠪᠠᠰᠤᠷᠠᠯ ᠬᠢᠭᠡᠳ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠵᠦ᠂ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠪᠦᠯᠬᠦᠮ᠂ ᠵᠠᠯᠠᠭᠤᠴᠤᠳ ᠪᠠᠭᠠᠴᠤᠳ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠠᠵᠢᠯᠲᠠᠨ ᠪᠠ ᠡᠯ᠎ᠡ ᠱᠠᠲᠤᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ ᠠᠵᠢᠯᠲᠠᠨ ᠢ 2800 ᠭᠠᠷᠤᠢ ᠬᠥᠮᠥᠨ ᠤᠳᠠᠭ᠎ᠠ ᠰᠦᠢᠳᠬᠡᠯ ᠬᠤᠷᠢᠶᠠᠬᠤ ᠦᠭᠡᠢ ᠪᠠᠷ ᠬᠦᠯᠢᠶᠡᠨ ᠠᠪᠴᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠭᠠᠷ ᠳᠡᠪᠲᠡᠷ ᠢ 5000 ᠬᠤᠪᠢ ᠳᠠᠷᠤᠮᠠᠯᠯᠠᠨ ᠲᠠᠷᠬᠠᠭᠠᠪᠠ᠃
ᠰᠣᠷᠢᠯᠲᠠ ᠪᠠᠷ ᠪᠣᠯᠪᠠᠰᠤᠷᠠᠯ ᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ
ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠠᠷᠢᠭᠤᠴᠠᠯᠭᠠᠲᠤ ᠨᠢᠭᠡᠴᠢ ᠶᠢᠨ ᠭᠡᠨᠡᠳᠲᠡ ᠶᠢᠨ ᠠᠳᠡᠯ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠪᠤᠭᠤᠲᠤ᠂ ᠬᠥᠯᠥᠨ ᠪᠤᠶᠢᠷ᠂ ᠲᠦᠩᠯᠢᠶᠣᠤ ᠭᠤᠷᠪᠠᠨ ᠭᠠᠵᠠᠷ ᠲᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠬᠠᠮᠵᠢᠯᠴᠠᠨ ᠥᠷᠨᠢᠭᠦᠯᠪᠡ᠃ ᠰᠣᠷᠢᠯᠲᠠ ᠶᠢᠨ ᠠᠬᠤᠶ ᠲᠠᠯᠠᠪᠠᠶ ᠳᠤ ᠠᠶᠤᠯᠲᠠᠶ ᠡᠳ᠋ ᠪᠠᠷᠠᠭ᠎ᠠ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠵᠠᠮ ᠤᠨ ᠠᠳᠡᠯ ᠢ ᠰᠢᠢᠳᠪᠦᠷᠢᠯᠡᠬᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠲᠡᠷᠭᠡ ᠬᠥᠰᠬᠡ ᠶᠢᠨ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠰᠣᠷᠢᠯᠲᠠ ᠵᠡᠷᠭᠡ ᠶᠢ ᠪᠠᠭᠲᠠᠭᠠᠵᠤ᠂ ᠲᠤᠬᠠᠶ ᠶᠢᠨ ᠲᠠᠯᠠᠪᠤᠷ ᠲᠤ ᠵᠣᠬᠢᠶᠠᠨ ᠪᠠᠶᠢᠭᠤᠯᠤᠭᠰᠠᠨ ᠨᠢ ᠡᠮᠬᠢ ᠵᠢᠷᠤᠮ ᠲᠠᠢ᠂ ᠵᠢᠯᠣᠭᠤᠳᠣᠯᠭ᠎ᠠ ᠨᠢ ᠬᠦᠴᠦᠲᠡᠶ᠂ ᠠᠵᠢᠯᠯᠠᠭ᠎ᠠ ᠨᠢ ᠲᠦᠷᠭᠡᠨ ᠪᠠᠶᠢᠵᠤ᠂ ᠪᠡᠯᠡᠳᠬᠡᠯ ᠲᠥᠰᠦᠯ ᠢ ᠰᠢᠯᠭᠠᠨ ᠪᠠᠶᠢᠴᠠᠭᠠᠬᠤ᠂ ᠲᠣᠭᠲᠠᠴᠠ ᠶᠢ ᠵᠣᠬᠢᠴᠠᠭᠤᠯᠬᠤ᠂ ᠡᠩᠨᠡᠭᠡ ᠶᠢ ᠳᠠᠪᠲᠠᠨ ᠪᠣᠯᠪᠠᠰᠤᠷᠠᠭᠤᠯᠬᠤ᠂ ᠤᠬᠠᠭᠤᠯᠭ᠎ᠠ ᠶᠢ ᠥᠷᠭᠡᠳᠬᠡᠬᠦ᠂ ᠦᠵᠡᠯ ᠤᠬᠠᠮᠰᠠᠷ ᠢᠶᠠᠨ ᠴᠢᠩᠭᠠᠳᠬᠠᠬᠤ ᠦᠷ᠎ᠡ ᠪᠦᠲᠦᠮᠵᠢ ᠳᠤ ᠭᠦᠷᠦᠭᠰᠡᠨ ᠪᠠᠶᠢᠨ᠎ᠠ᠃



ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠨᠠᠨ ᠪᠠᠶᠢᠴᠠᠭᠠᠵᠤ ᠰᠢᠯᠭᠠᠨ ᠪᠠᠶᠢᠴᠠᠭᠠᠬᠤ ︽ᠨᠢᠭᠡ ᠴᠣᠭᠴᠠ ᠶᠢᠨ ᠬᠤᠶᠠᠷ ᠵᠢᠭᠦᠷ᠂ ᠨᠢᠭᠡ ᠭᠡᠷ ᠤᠨ ᠠᠬ᠎ᠠ ᠳᠡᠭᠦᠤ᠂ ᠰᠠᠶᠢᠨ ᠬᠠᠷᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠬᠦ ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠡᠯ᠎ᠡ ᠱᠠᠲᠤᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠵᠢᠯᠴᠠᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ︽ᠳᠠᠩᠰᠠᠯᠠᠬᠤ ᠶᠢ ᠣᠷᠬᠢᠭᠳᠠᠭᠤᠯᠤᠭᠰᠠᠨ ᠪᠠᠶᠢᠴᠠᠭᠠᠬᠤ ᠶᠢ ᠣᠷᠬᠢᠭᠳᠠᠭᠤᠯᠤᠭᠰᠠᠨ︾ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠬᠦᠴᠦᠲᠡᠶ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠪᠠᠷ ᠴᠢᠷᠮᠠᠶᠢᠪᠠ᠃
6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠡᠯ᠎ᠡ ᠲᠥᠷᠥᠯ ᠤᠨ ᠣᠨᠴᠠ ᠲᠥᠷᠥᠯ ᠤᠨ ᠲᠥᠬᠦᠭᠡᠷᠦᠮᠵᠢ ᠶᠢ 67889 ᠪᠠᠶᠢᠴᠠᠭᠠᠨ ᠰᠢᠯᠭᠠᠵᠤ᠂ ᠳᠠᠷᠤᠯᠲᠠᠲᠤ ᠬᠤᠭᠤᠯᠠᠶ ᠶᠢ 1474.1 ᠮᠢᠩᠭᠠᠨ ᠮᠧᠲᠷ᠂ ᠠᠮᠤᠷ ᠲᠦᠪᠰᠢᠨ ᠤ ᠳᠠᠭᠠᠯᠲᠠ ᠲᠣᠨᠤᠭ 164᠂ ᠡᠯ᠎ᠡ ᠲᠥᠷᠥᠯ ᠤᠨ ᠬᠡᠶᠢᠲᠦ ᠯᠣᠩᠬᠤ 98797᠂ ᠠᠶᠤᠯᠲᠠᠶ ᠬᠢᠮᠢ ᠶᠢᠨ ᠪᠣᠳᠠᠰ ᠤᠨ ᠬᠡᠪ ᠤᠨ ᠳᠠᠷᠤᠯᠲᠠᠲᠤ ᠲᠡᠷᠭᠡ 1126᠂ ᠠᠮᠤᠷ ᠲᠦᠪᠰᠢᠨ ᠤ ᠨᠡᠭᠡᠯᠡᠬᠡᠶ ᠶᠢ 61788 ᠰᠢᠯᠭᠠᠨ ᠪᠠᠶᠢᠴᠠᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠯᠠᠭᠰᠠᠳ ᠢ ᠰᠢᠯᠭᠠᠨ ᠬᠢᠨᠠᠵᠤ 4984 ᠬᠥᠮᠦᠨ ᠳᠤ ᠦᠨᠡᠮᠯᠡᠯ ᠣᠯᠭᠤᠵᠤ᠂ ᠭᠦᠸᠧᠯᠦ ᠶᠢᠨ ᠤᠰᠤᠨ ᠤ ᠥᠯᠢᠭᠡᠷ᠂ ᠲᠡᠮᠦᠷᠯᠢᠭ ᠮᠠᠲ᠋ᠧᠷᠢᠶᠠᠯ᠂ ᠨᠡᠭᠦᠷᠡᠰᠦᠨ ᠤ ᠦᠨᠡᠰᠦ ᠶᠢᠨ ᠵᠠᠳᠠᠯᠤᠯᠲᠠ ᠶᠢ 3173 ᠪᠦᠯᠦᠭ ᠤᠳᠠᠭ᠎ᠠ ᠰᠢᠯᠭᠠᠨ ᠪᠠᠶᠢᠴᠠᠭᠠᠵᠤ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠶᠢᠴᠠᠭᠠᠨ ᠰᠢᠯᠭᠠᠬᠤ ᠲᠥᠷᠥᠯ ᠵᠦᠢᠯ ᠢ 64 ᠪᠡᠶᠡᠯᠡᠭᠦᠯᠵᠦ᠂ ᠬᠢᠨᠠᠨ ᠪᠠᠶᠢᠴᠠᠭᠠᠬᠤ ᠲᠠᠢ ᠬᠠᠮᠵᠢᠯᠴᠠᠨ 136 ᠬᠥᠮᠦᠨ ᠤᠳᠠᠭ᠎ᠠ ᠠᠵᠢᠯ ᠥᠷᠨᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠤᠯᠪᠣᠭᠳᠠᠯ ᠪᠦᠬᠦᠢ ᠠᠵᠢᠯ ᠢ 12 ᠤᠳᠠᠭ᠎ᠠ ᠥᠷᠨᠢᠭᠦᠯᠵᠦ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠨᠡᠶᠢᠲᠡ 15 ᠲᠦᠮᠡ ᠭᠠᠷᠤᠶ ᠬᠤᠪᠢ ᠭᠠᠷᠭᠠᠪᠠ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ︽ᠤᠯᠤᠰ ᠲᠥᠷᠥ ᠶᠢ ᠡᠷᠬᠢᠮᠯᠡᠬᠦ᠂ ᠠᠮᠤᠷ ᠲᠦᠪᠰᠢᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠶᠢᠴᠠᠭᠠᠯᠲᠠ ᠶᠢ ᠴᠢᠩᠭᠠᠳᠬᠠᠬᠤ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ︽ᠰᠢᠨᠵᠢᠯᠡᠬᠦ ᠤᠬᠠᠭᠠᠨᠴᠢ ᠲᠥᠪ ᠭᠤᠤᠯᠴᠢ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠪᠠᠶᠢᠬᠤ︾ ᠶᠠᠰᠤ ᠴᠢᠨᠠᠷ ᠤᠨ ᠴᠢᠭᠯᠡᠯᠲᠡ ᠶᠢ ᠦᠢᠯᠡᠳᠦᠯᠭᠡᠵᠢᠭᠦᠯᠵᠦ᠂ ᠢᠮᠠᠭᠲᠠ ᠴᠤᠭ ᠪᠠᠳᠠᠷᠠᠩᠭᠤᠶ ᠥᠭᠡᠳᠡᠯᠡᠨ ᠲᠠᠪᠰᠢᠬᠤ ᠲᠡᠮᠡᠴᠡᠯ ᠤᠨ ᠳᠦᠷᠰᠦ ᠪᠠᠶᠢᠳᠠᠯ ᠪᠠ ᠨᠡᠶᠢᠲᠡ ᠶᠢᠨ ᠠᠰᠠᠷᠠᠮᠵᠢ ᠶᠢᠨ ᠵᠣᠷᠢᠭ ᠰᠠᠨᠠᠭ᠎ᠠ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠠᠵᠢᠯᠯᠠᠭᠠᠨ ᠳᠤ ᠪᠠᠲᠤ ᠴᠢᠩᠭ᠎ᠠ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃