ᠰᠠᠭᠤᠷᠢ ᠲᠤᠭ᠎ᠠ ᠶᠢ ᠣᠶᠢᠯᠠᠭᠠᠨ ᠵᠢᠭᠰᠠᠭᠠᠵᠤ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠪᠠ
ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠬᠠᠮᠢᠶ᠎ᠠ ᠪᠥᠬᠦᠶ ᠦᠢᠯᠡᠳᠬᠦᠨ ᠢ ᠪᠣᠷᠣᠯᠠᠭᠤᠯᠬᠤ᠂ ᠰᠡᠯᠪᠢᠨ ᠵᠠᠰᠠᠬᠤ ᠨᠢᠭᠡᠴᠢ ᠶᠢᠨ ᠤᠶᠢᠯᠠᠭᠠᠨ ᠵᠢᠭᠰᠠᠭᠠᠵᠤ ᠲᠠᠩᠰᠠ ᠡᠪᠬᠡᠮᠡᠯ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠠᠵᠤ ᠠᠬᠤᠶᠢᠯᠠᠯ ᠨᠢᠭᠡ ᠳᠡᠪᠲᠡᠷ ᠠᠵᠢᠯ ᠤᠨ ᠡᠬᠡ ᠲᠠᠩᠰᠠ ᠶᠢ ᠪᠦᠷᠢᠯᠳᠦᠭᠦᠯᠵᠦ᠂ ᠪᠣᠷᠣᠯᠠᠭᠤᠯᠬᠤ ᠨᠢᠭᠡᠴᠢ ᠯᠦᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠪᠠ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠢ ᠲᠣᠭᠲᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠬᠠᠷᠢᠭᠤᠴᠠᠯᠭ᠎ᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠬᠡᠷᠡᠭᠵᠢᠭᠦᠯᠵᠦ᠂ ᠪᠣᠷᠣᠯᠠᠭᠤᠯᠬᠤ ᠨᠢᠭᠡᠴᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ︽ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠳᠣᠭᠢᠷᠠᠭᠤᠯᠬᠤ︾ ᠲᠣᠭᠲᠠᠴᠠ ᠶᠢ ᠬᠡᠷᠡᠭᠵᠢᠭᠦᠯᠪᠡ᠃

ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠷᠠᠭᠤᠯᠪᠠ
ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠯᠢᠲ᠋ᠢ ᠢᠶᠣᠨ ᠤ ᠴᠠᠬᠢᠯᠭᠠᠨ ᠬᠤᠷᠢᠶᠠᠭᠤᠷ ᠪᠣᠯᠤᠨ ᠴᠠᠬᠢᠯᠭᠠᠨ ᠴᠡᠨᠡᠭᠯᠡᠭᠦᠷ ᠭᠤᠷᠪᠠᠨ ᠵᠦᠢᠯ ᠤᠨ ᠦᠢᠯᠡᠳᠬᠦᠨ ᠢ ᠣᠨ ᠤ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠭᠠᠷᠴᠠᠭ ᠲᠤ ᠣᠷᠣᠭᠤᠯᠪᠠ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ 127 ᠪᠦᠯᠦᠭ ᠤᠳᠠᠭ᠎ᠠ ᠶᠢᠨ ᠬᠠᠮᠢᠶ᠎ᠠ ᠪᠥᠬᠦᠶ ᠦᠢᠯᠡᠳᠬᠦᠨ ᠢ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ᠂ ᠨᠢᠭᠡᠨᠲᠡ 50 ᠪᠦᠯᠦᠭ ᠤᠳᠠᠭ᠎ᠠ ᠶᠢ ᠨᠢ ᠰᠢᠯᠭᠠᠨ ᠪᠠᠶᠢᠴᠠᠭᠠᠵᠤ᠂ ᠡᠭᠦᠨ ᠳᠤ 19 ᠪᠦᠯᠦᠭ ᠤᠳᠠᠭ᠎ᠠ ᠶᠢᠨ ᠬᠢᠷᠢ ᠲᠡᠩᠴᠡᠭᠦ ᠥᠬᠡᠶ ᠦᠢᠯᠡᠳᠬᠦᠨ ᠢ ᠪᠥᠬᠦ ᠣᠷᠣᠨ ᠳᠤ ᠵᠠᠷᠯᠠᠨ ᠨᠡᠶᠢᠲᠡᠯᠡᠵᠦ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠤᠰᠢᠶᠠᠨ ᠬᠠᠷᠭᠤᠭᠤᠯᠤᠨ ᠪᠠᠶᠢᠴᠠᠭᠠᠯᠭᠠᠵᠤ ᠰᠢᠢᠳᠪᠦᠷᠢᠯᠡᠭᠦᠯᠪᠡ᠃

ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠵᠡᠩᠨᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ
ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠶ᠂ CCC ᠶᠢᠨ ᠭᠡᠷᠡᠴᠢᠯᠡᠯ ᠣᠯᠤᠭᠰᠠᠨ ᠦᠭᠡᠶ᠂ ᠦᠢᠯᠡᠳᠪᠦᠷᠢ ᠶᠢᠨ ᠨᠡᠷ᠎ᠡ ᠦᠭᠡᠶ ᠦᠢᠯᠡᠳᠪᠦᠷᠢ ᠶᠢᠨ ᠬᠠᠶ᠋ᠢᠭ ᠦᠭᠡᠶ ᠪᠤᠶᠤ ᠭᠡᠷᠡᠴᠢᠯᠡᠯ ᠤᠨ ᠦᠨᠡᠮᠯᠡᠯ ᠢ ᠬᠠᠭᠤᠷᠮᠠᠭ ᠢᠶᠠᠷ ᠵᠣᠬᠢᠶᠠᠬᠤ᠂ ᠬᠠᠭᠤᠷᠮᠠᠭᠯᠠᠨ ᠬᠡᠷᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ᠬᠠᠭᠤᠷᠮᠠᠭ ᠮᠠᠭᠤ ᠴᠠᠬᠢᠯᠭᠠᠨ ᠬᠤᠷᠢᠶᠠᠭᠤᠷ᠂ ᠴᠠᠬᠢᠯᠭᠠᠨ ᠴᠡᠨᠡᠭᠯᠡᠭᠦᠷ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠣᠳᠣᠬᠠᠨ ᠪᠣᠯᠲᠠᠯ᠎ᠠ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠨᠢ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 3632 ᠬᠥᠮᠦᠨ ᠤᠳᠠᠭ᠎ᠠ ᠬᠥᠳᠡᠯᠭᠡᠵᠦ᠂ ᠪᠣᠷᠣᠯᠠᠭᠤᠯᠬᠤ ᠨᠢᠭᠡᠴᠢ ᠶᠢ 5474 ᠡᠷᠦᠬᠡ ᠤᠳᠠᠭ᠎ᠠ ᠪᠠᠶᠢᠴᠠᠭᠠᠵᠤ᠂ 114 ᠲᠦᠭᠰᠢᠭᠦᠷᠢ ᠶᠢᠨ ᠳᠠᠯᠳᠠ ᠬᠡᠮ ᠢ ᠠᠷᠢᠯᠭᠠᠨ᠂ 32 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠵᠤ᠂ 5.9 ᠲᠦᠮᠡᠨ ᠲᠥᠭᠦᠷᠢᠭ ᠲᠣᠷᠭᠠᠵᠤ᠂ 44 ᠡᠷᠦᠬᠡ ᠲᠠᠢ ᠪᠣᠯᠵᠣᠨ ᠶᠠᠷᠢᠯᠴᠠᠵᠤ᠂ 28 ᠡᠷᠦᠬᠡ ᠶᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠪᠠ᠃ ᠲᠦᠷᠢᠶᠡᠰᠦᠯᠡᠬᠦ ᠦᠢᠯᠡᠴᠢᠯᠡᠭᠡᠨ ᠤ ᠠᠵᠤ ᠠᠬᠤᠶᠢᠯᠠᠯ ᠤᠨ 1.5 ᠲᠦᠮᠡᠨᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠪᠠ᠃
ᠠᠰᠠᠷ ᠲᠠᠭᠲᠤ ᠶᠢᠨ ᠴᠠᠬᠢᠯᠭᠠᠨ ᠱᠠᠲᠤ ᠶᠢᠨ ᠣᠶᠤᠨᠴᠢ ᠬᠤᠷᠢᠭᠯᠠᠬᠤ ᠰᠢᠰᠲ᠋ᠧᠮ ᠤᠭᠰᠠᠷᠠᠬᠤ ᠶᠢ ᠠᠬᠢᠭᠤᠯᠪᠠ
ᠣᠳᠣᠬᠠᠨ ᠳᠤ ᠬᠥᠬᠡᠬᠤᠲᠠ᠂ ᠣᠷᠳᠣᠰ ᠬᠤᠲᠠ᠂ ᠲᠦᠩᠯᠢᠶᠣᠤ ᠬᠤᠲᠠ᠂ ᠦᠬᠠᠶ ᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠪᠠ ᠤᠯᠠᠭᠠᠨᠬᠠᠳᠠ ᠬᠤᠲᠠ ᠵᠡᠷᠭᠡ 9 ᠠᠶᠢᠮᠠᠭ ᠬᠤᠲᠠ ᠶᠢᠨ 27651 ᠴᠠᠬᠢᠯᠭᠠᠨ ᠱᠠᠲᠤ ᠳᠤ ᠨᠢᠭᠡᠨᠲᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠱᠠᠲᠤ ᠶᠢᠨ ᠣᠶᠤᠨᠴᠢ ᠬᠤᠷᠢᠭᠯᠠᠬᠤ ᠰᠢᠰᠲ᠋ᠧᠮ ᠤᠭᠰᠠᠷᠠᠪᠠ᠃

ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠦᠷᠢᠶᠡᠰᠦᠯᠡᠬᠦ ᠠᠵᠤ ᠠᠬᠤᠶᠢᠯᠠᠯ ᠳᠤ ᠪᠠᠶᠢᠴᠠᠭᠠᠯᠲᠠ ᠬᠢᠪᠡ
ᠬᠥᠬᠡᠬᠤᠲᠠ ᠶᠢᠨ ᠬᠡᠪᠴᠢᠶ᠎ᠡ ᠪᠠᠷ ᠨᠡᠯᠢᠶᠡᠳ ᠶᠡᠭᠡ᠂ ᠭᠠᠳᠠᠨ᠎ᠠ ᠠᠴᠠ ᠳᠠᠭᠤᠳᠠᠭᠰᠠᠨ ᠬᠤᠭᠤᠯᠠ ᠬᠦᠷᠭᠡᠭᠴᠢ ᠳᠤ ᠬᠠᠨᠳᠤᠭᠤᠯᠤᠭᠰᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠦᠷᠢᠶᠡᠰᠦᠯᠡᠬᠦ ᠠᠵᠢᠯ ᠬᠢᠵᠦ ᠪᠠᠶᠢᠭ᠎ᠠ 2 ᠠᠵᠤ ᠠᠬᠤᠶᠢᠯᠠᠯ ᠳᠤ ᠪᠠᠶᠢᠴᠠᠭᠠᠯᠲᠠ ᠬᠢᠵᠦ᠂ ᠬᠢᠷᠢ ᠲᠡᠩᠴᠡᠬᠦ ᠦᠭᠡᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ 36 ᠪᠠᠶᠢᠴᠠᠭᠠᠨ ᠣᠯᠪᠠ᠃
ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠦᠨ᠎ᠠ ᠬᠠᠩᠰᠢ ᠶᠢᠨ ᠬᠢᠨᠡᠯᠳᠡ ᠪᠠᠶᠢᠴᠠᠭᠠᠯᠳᠡ ᠶᠢ ᠥᠷᠨᠢᠭᠦᠯᠪᠡ
ᠡᠮᠦᠨᠡᠬᠢ ᠬᠤᠭᠤᠴᠠᠭᠠᠨ ᠤ ᠡᠮᠬᠢᠯᠡᠨ ᠳᠢᠭᠯᠡᠭᠰᠡᠨ ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠠᠵᠤ ᠠᠬᠤᠶᠢᠯᠠᠯ ᠤᠨ 5059 ᠵᠤᠷᠪᠤᠰ ᠮᠡᠳᠡᠭᠡ ᠵᠠᠩᠭᠢ ᠶᠢᠨ ᠰᠠᠭᠤᠷᠢᠨ ᠳᠡᠭᠡᠷ᠎ᠡ᠂ ᠪᠥᠬᠦ ᠣᠷᠣᠨ ᠤ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠡᠵᠡᠩᠨᠡᠯᠲᠡ ᠶᠢᠨ 282 ᠡᠷᠦᠬᠡ ᠶᠢ ᠪᠠᠶᠢᠴᠠᠭᠠᠵᠤ᠂ 19 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠪᠠ᠃
ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠶᠢ ᠴᠢᠩᠭᠠᠳᠬᠠᠵᠤ ᠰᠡᠷᠡᠮᠵᠢᠯᠡᠭᠦᠯᠬᠦ ᠠᠭᠤᠷ ᠠᠮᠢᠰᠬᠤᠯ ᠢ ᠪᠣᠶ ᠪᠣᠯᠭᠠᠪᠠ
ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠥᠷᠥᠯ ᠵᠦᠢᠯ ᠲᠣᠭᠲᠠᠭᠠᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠶᠢᠨ ᠵᠣᠬᠢᠶᠠᠨ ᠪᠠᠶᠢᠭᠤᠯᠵᠤ ᠲᠤᠭᠤᠷᠪᠢᠭᠰᠠᠨ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾ ᠨᠢᠭᠡᠨᠲᠡ ᠡᠴᠦᠰ ᠤᠨ ᠬᠢᠨᠠᠯᠲᠠ ᠶᠢ ᠥᠩᠭᠡᠷᠡᠭᠦᠯᠪᠡ᠃ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠷ ᠳᠡᠪᠲᠡᠷ᠂ ᠵᠠᠷᠯᠠᠯ᠂ ᠸᠢᠳᠢᠣ᠋ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 7491 ᠬᠤᠪᠢ ᠵᠣᠬᠢᠶᠠᠵᠤ᠂ ᠭᠤᠣᠯᠳᠠᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠶᠢ 105 ᠤᠳᠠᠭ᠎ᠠ ᠥᠷᠨᠢᠭᠦᠯᠵᠦ᠂ 256 ᠲᠦᠮᠡᠨ ᠬᠥᠮᠥᠨ ᠤᠳᠠᠭ᠎ᠠ ᠳᠤ ᠤᠬᠠᠭᠤᠯᠪᠠ᠃