ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠳᠢᠶᠠᠨ ᡂᠢ ᠪᠣᠯᠤᠨ ᠴᠠᠬᠢᠯᠭᠠᠨ ᠴᠡᠨᠡᠭᠯᠡᠭᠦᠷ ᠲᠤ ᠬᠤᠯᠪᠣᠭᠳᠠᠬᠤ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠯ ᠤᠨ ᠰᠢᠨ᠎ᠡ ᠲᠣᠭᠲᠠᠭᠠᠯ ᠢ ᠬᠡᠷᠡᠭᠵᠢᠭᠦᠯᠦᠨ᠎ᠡ︕
ᠨᠡᠶᠢᠲᠡᠯᠡᠭᠰᠡᠨ ᠴᠠᠭ᠄
2024/7/4

    ᠠᠭᠤᠯᠭ᠎ᠠ ᠶᠢᠨ ᠲᠣᠪᠴᠢ

    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠣᠶᠢᠷ᠎ᠠ ᠳᠤ ᠠᠯᠪᠠᠨ ᠵᠠᠷ ᠨᠡᠶᠢᠲᠡᠯᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ  ᠯᠢᠲ᠋ᠢ ᠢᠶᠣᠨ ᠴᠠᠬᠢᠯᠭᠠᠨ ᠬᠤᠷᠢᠶᠠᠭᠤᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠭᠦᠷ ᠲᠤ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ︵CCC ᠭᠡᠷᠡᠴᠢᠯᠡᠯ︶ ᠤᠨ ᠬᠠᠮᠢᠶᠠᠷᠤᠯᠲᠠ ᠶᠢ ᠬᠡᠷᠡᠭᠵᠢᠭᠦᠯᠵᠦ᠂ 2024 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠭᠡᠷᠡᠴᠢᠯᠡᠯ ᠤᠨ ᠨᠠᠶᠢᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠃

    2025 ᠣᠨ ᠤ 11 ᠳ᠋ᠤᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠯᠢᠲ᠋ᠢ ᠢᠶᠣᠨ ᠴᠠᠬᠢᠯᠭᠠᠨ ᠬᠤᠷᠢᠶᠠᠭᠤᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠭᠦᠷ ᠨᠢ CCC ᠭᠡᠷᠡᠴᠢᠯᠡᠯ ᠢ ᠥᠩᠭᠡᠷᠡᠭᠦᠯᠬᠦ ᠶᠢᠨ ᠬᠠᠮᠲᠤ CCC ᠭᠡᠷᠡᠴᠢᠯᠡᠯ ᠤᠨ ᠲᠡᠮᠳᠡᠭ ᠢ ᠲᠣᠳᠣᠷᠬᠠᠶᠢᠯᠠᠭᠰᠠᠨ ᠤ ᠳᠠᠷᠠᠭ᠎ᠠ ᠰᠠᠶ᠋ᠢ ᠦᠢᠯᠡᠳᠪᠦᠷᠢ ᠠᠴᠠ ᠭᠠᠷᠭᠠᠬᠤ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ ᠪᠤᠶᠤ ᠪᠤᠰᠤᠳ ᠡᠵᠡᠩᠨᠡᠯᠲᠡ ᠶᠢᠨ ᠠᠵᠢᠯᠯᠠᠭ᠎ᠠ ᠳᠤᠮᠳᠠ ᠬᠡᠷᠡᠭᠯᠡᠵᠦ ᠪᠣᠯᠣᠨ᠎ᠠ᠃

ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠲᠠᠩ ᠴᠣᠭᠴᠠᠲᠤ ᠳ᠋ᠢᠶᠠᠨ ᡂᠢ ︵ᠴᠠᠬᠢᠯᠭᠠᠨ ᠭᠤᠣᠯ︶ ᠪᠣᠯᠤᠨ ᠳ᠋ᠢᠶᠠᠨ ᡂᠢ ᠶᠢᠨ ᠪᠦᠯᠦᠭ ᠢ ᠴᠥᠮ CCC ᠭᠡᠷᠡᠴᠢᠯᠡᠯ ᠤᠨ ᠬᠡᠪᠴᠢᠶᠡᠨ ᠳᠤ ᠵᠢᠭᠰᠠᠭᠠᠨ ᠣᠷᠣᠭᠤᠯᠪᠠ᠃ ᠡᠷᠬᠡᠪᠰᠢ ᠯᠢᠲ᠋ᠢ ᠢᠶᠣᠨ ᠳ᠋ᠢᠶᠠᠨ ᡂᠢ ᠨᠢᠭᠡᠪᠦᠷᠢ ᠶᠢᠨ ᠠᠮᠤᠷ ᠲᠦᠪᠰᠢᠨ ᠢᠶᠠᠷ ᠬᠡᠷᠡᠭᠯᠡᠬᠦ ᠣᠨ ᠵᠢᠯ ᠢ ᠲᠣᠳᠣᠷᠬᠠᠶᠢᠯᠠᠵᠤ᠂ ᠥᠨᠳᠥᠷ ᠳᠤᠯᠠᠭᠠᠨ ︵950 ᠭᠷᠠᠳᠦ᠋ᠰ ᠲᠤ ᠬᠠᠭᠠᠰ ᠴᠠᠭ ᠲᠡᠰᠬᠦ︶ ᠳᠤ ᠲᠡᠰᠪᠦᠷᠢᠲᠡᠢ ᠥᠨᠢᠳᠡ ᠶᠢᠨ ᠴᠢᠨᠠᠷᠲᠠᠶ ᠴᠣᠷ ᠤᠨ ᠭᠠᠭᠴᠠ ᠴᠢᠨᠠᠷᠲᠠᠢ ᠺᠣᠳ᠋ ᠬᠠᠳᠠᠵᠤ᠂ ᠬᠠᠶᠠᠭᠳᠠᠮᠠᠯ ᠯᠢᠲ᠋ᠢ ᠢᠶᠣᠨ ᠳ᠋ᠢᠶᠠᠨ ᡂᠢ ᠶᠢ ︽ᠱᠠᠲᠤᠯᠢᠭ︾ ᠢᠶᠠᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠠᠰᠢᠭᠯᠠᠬᠤ ᠶᠢ ᠴᠠᠭᠠᠵᠠᠯᠠᠵᠤ᠂ ᠯᠢᠲ᠋ᠢ ᠢᠶᠣᠨ ᠳ᠋ᠢᠶᠠᠨ ᡂᠢ ᠶᠢ ᠬᠠᠤᠯᠢ ᠪᠤᠰᠤ ᠪᠠᠷ ᠨᠡᠶᠢᠯᠡᠭᠦᠯᠦᠨ ᠤᠭᠰᠠᠷᠠᠵᠤ ᠥᠭᠡᠷᠡᠴᠢᠯᠡᠨ ᠤᠭᠰᠠᠷᠠᠬᠤ ᠶᠢ ᠡᠬᠢ ᠡᠭᠦᠰᠦᠯ ᠠᠴᠠ ᠨᠢ ᠡᠵᠡᠮᠳᠡᠵᠦ ᠬᠢᠵᠠᠭᠠᠷᠯᠠᠬᠤ ᠬᠡᠷᠡᠭᠲᠡᠶ ᠭᠡᠵᠦ ᠱᠠᠭᠠᠷᠳᠠᠪᠠ᠃

 

    ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠯᠢᠲ᠋ᠢ ᠢᠶᠣᠨ ᠴᠠᠬᠢᠯᠭᠠᠨ ᠬᠤᠷᠢᠶᠠᠭᠤᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠭᠦᠷ ᠲᠤ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ᠤᠨ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ

    2024 ᠣᠨ ᠤ 26 ᠳ᠋ᠤᠭᠠᠷ ᠲᠣᠭᠠᠲᠤ

    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷᠡᠴᠢᠯᠡᠨ ᠵᠥᠪᠰᠢᠶᠡᠷᠡᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠯᠢᠲ᠋ᠢ ᠢᠶᠣᠨ ᠴᠠᠬᠢᠯᠭᠠᠨ ᠬᠤᠷᠢᠶᠠᠭᠤᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠭᠦᠷ ᠲᠤ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ︵CCC ᠭᠡᠷᠡᠴᠢᠯᠡᠯ︶ ᠤᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠤᠷᠠᠬᠢ ᠮᠡᠲᠦ ᠵᠠᠷᠯᠠᠶ᠎ᠠ᠄

    ᠨᠢᠭᠡ᠂ 2024 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ᠂ ᠭᠡᠷᠡᠴᠢᠯᠡᠯ ᠤᠨ ᠪᠠᠶᠢᠭᠤᠯᠤᠮᠵᠢ ᠶᠢ ᠵᠢᠭᠠᠨ ᠲᠣᠭᠲᠠᠭᠠᠵᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠯᠢᠲ᠋ᠢ ᠢᠶᠣᠨ ᠴᠠᠬᠢᠯᠭᠠᠨ ᠬᠤᠷᠢᠶᠠᠭᠤᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠭᠦᠷ ︵ᠦᠢᠯᠡᠳᠬᠦᠨ ᠤ ᠳᠦᠷᠰᠦᠯᠡᠯ ᠪᠠ ᠵᠠᠭᠠᠭᠯᠠᠯ ᠤᠨ ᠨᠠᠷᠢᠨ ᠵᠦᠢᠯ ᠢ ᠳᠠᠭᠠᠯᠳᠤᠭᠤᠯᠤᠯ ᠳᠤ ᠦᠵᠡᠭᠡᠷᠡᠶ︶ CCC ᠭᠡᠷᠡᠴᠢᠯᠡᠯ ᠤᠨ ᠨᠠᠶᠢᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠦᠢᠯᠡᠳᠬᠦᠨ ᠤ ᠬᠠᠷᠠᠭᠠᠯᠵᠠᠭᠰᠠᠨ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠯ ᠤᠨ ᠬᠡᠷᠡᠭᠵᠢᠭᠦᠯᠬᠦ ᠲᠦᠷᠢᠮ ᠪᠠ ᠲᠣᠬᠢᠷᠠᠬᠤ ᠪᠠᠷᠢᠮᠵᠢᠶ᠎ᠠ ᠶᠣᠰᠣᠭᠠᠷ CCC ᠭᠡᠷᠡᠴᠢᠯᠡᠯ ᠤᠨ ᠠᠵᠢᠯ ᠢ ᠥᠷᠨᠢᠭᠦᠯᠦᠨ᠎ᠡ᠃ ᠭᠡᠷᠡᠴᠢᠯᠡᠯ ᠤᠨ ᠲᠦᠭᠰᠢᠭᠦᠷᠢ ᠶᠢ ᠡᠵᠡᠮᠳᠡᠵᠦ ᠪᠣᠯᠬᠤ᠂ ᠭᠡᠷᠡᠴᠢᠯᠡᠯ ᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠨᠢᠭᠡᠨᠲᠡ ᠬᠢᠷᠢ ᠲᠡᠩᠴᠡᠭᠰᠡᠨ ᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠢᠳᠡᠪᠬᠢᠲᠡᠶ ᠬᠦᠯᠢᠶᠡᠨ ᠠᠪᠴᠤ ᠢᠲᠡᠭᠡᠮᠵᠢᠯᠡᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠠᠵᠤ ᠠᠬᠤᠶᠢᠯᠠᠯ ᠤᠨ ᠦᠨᠡᠮᠯᠡᠯ ᠣᠯᠬᠤ ᠳᠤ ᠳᠥᠭᠦᠮ ᠦᠵᠡᠭᠦᠯᠦᠨ᠎ᠡ᠃

    ᠬᠤᠶᠠᠷ᠂ 2025 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠯᠢᠲ᠋ᠢ ᠢᠶᠣᠨ ᠴᠠᠬᠢᠯᠭᠠᠨ ᠬᠤᠷᠢᠶᠠᠭᠤᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠭᠦᠷ ᠨᠢ CCC ᠭᠡᠷᠡᠴᠢᠯᠡᠯ ᠢ ᠥᠩᠭᠡᠷᠡᠭᠦᠯᠬᠦ ᠶᠢᠨ ᠬᠠᠮᠲᠤ CCC ᠭᠡᠷᠡᠴᠢᠯᠡᠯ ᠤᠨ ᠲᠡᠮᠳᠡᠭ ᠢ ᠲᠣᠳᠣᠷᠬᠠᠶᠢᠯᠠᠭᠰᠠᠨ ᠤ ᠳᠠᠷᠠᠭ᠎ᠠ ᠰᠠᠶ᠋ᠢ ᠦᠢᠯᠡᠳᠪᠦᠷᠢ ᠠᠴᠠ ᠭᠠᠷᠭᠠᠬᠤ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ ᠪᠤᠶᠤ ᠪᠤᠰᠤᠳ ᠡᠵᠡᠩᠨᠡᠯᠲᠡ ᠶᠢᠨ ᠠᠵᠢᠯᠯᠠᠭ᠎ᠠ ᠳᠤᠮᠳᠠ ᠬᠡᠷᠡᠭᠯᠡᠵᠦ ᠪᠣᠯᠣᠨ᠎ᠠ᠃

ᠭᠤᠷᠪᠠ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠯᠢᠲ᠋ᠢ ᠢᠶᠣᠨ ᠴᠠᠬᠢᠯᠭᠠᠨ ᠬᠤᠷᠢᠶᠠᠭᠤᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠭᠦᠷ ᠤᠨ CCC ᠭᠡᠷᠡᠴᠢᠯᠡᠯ᠂ ᠪᠠᠶᠢᠴᠠᠭᠠᠨ ᠬᠡᠮᠵᠢᠬᠦ ᠠᠵᠢᠯ ᠢ ᠡᠭᠦᠷᠭᠡᠯᠡᠬᠦ ᠭᠡᠷᠡᠴᠢᠯᠡᠯ ᠤᠨ ᠪᠠᠶᠢᠭᠤᠯᠤᠮᠵᠢ ᠪᠠ ᠲᠤᠷᠰᠢᠯᠲᠠ ᠶᠢᠨ ᠲᠠᠰᠤᠭ ᠢ ᠠᠰ ᠲᠤᠨᠢ ᠲᠣᠭᠲᠠᠭᠠᠨ᠎ᠠ᠃

    ᠳᠠᠭᠠᠯᠳᠤᠭᠤᠯᠤᠯ᠄ ᠦᠢᠯᠡᠳᠬᠦᠨ ᠤ ᠳᠦᠷᠰᠦᠯᠡᠯ ᠪᠠ ᠵᠠᠭᠠᠭᠯᠠᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠤᠪᠴᠢᠶ᠎ᠠ

   2024 ᠣᠨ ᠤ 6 ᠳ᠋ᠤᠭᠠᠷ ᠰᠠᠷ᠎ᠠ ᠶᠢᠨ 25 ᠤ ᠡᠳᠦᠷ


 

ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠦᠯᠵᠢᠶ᠎ᠡ᠂ ᠠᠷᠠᠳ ᠤᠨ ᠡᠳᠦᠷ ᠤᠨ ᠰᠣᠨᠢᠨ
Baidu
map