7 ᠳ᠋ᠤᠭᠠᠷ ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠠᠴᠠ ᠭᠤᠤᠯᠯᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠦᠢᠯᠡᠳᠬᠦ ᠵᠢᠴᠢ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠢ ᠨᠡᠶᠢᠲᠡᠯᠡᠬᠦ ᠬᠤᠷᠠᠯ ᠵᠢᠴᠢ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠪᠣᠯᠪᠠᠰᠤᠷᠠᠯ ᠤᠨ ᠬᠤᠷᠠᠯ ᠪᠠᠶᠠᠨᠨᠠᠭᠤᠷ ᠬᠤᠲᠠ ᠳᠤ ᠬᠤᠷᠠᠯᠳᠤᠪᠠ ᠂ ᠬᠤᠷᠠᠯ ᠳᠡᠭᠡᠷ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠦᠢᠯᠡᠳᠬᠦ ᠠᠵᠤ ᠦᠢᠯᠡᠰ ᠂ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠤᠨ ᠮᠡᠳᠡᠭᠦᠯᠦᠯᠲᠡ ᠶᠢ ᠨᠡᠶᠢᠲᠡᠯᠡᠵᠦ ᠂ ᠠᠵᠤ ᠦᠢᠯᠡᠰ ᠤᠨ ᠭᠤᠤᠯᠳᠠᠯᠭ᠎ᠠ ᠲᠠᠢ ᠬᠦᠷᠢᠶᠡᠨ ᠳᠠᠬᠢ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠨᠡᠶᠢᠲᠡᠯᠡᠵᠦ ᠂ ᠣᠳᠣᠬᠠᠨ ᠤ ᠠᠵᠤ ᠦᠢᠯᠡᠰ ᠤᠨ ᠳᠠᠪᠠᠭᠤᠯᠢᠭ ᠵᠢᠴᠢ ᠳᠤᠲᠠᠭᠤᠳᠠᠯ ᠳᠤ ᠵᠠᠳᠠᠯᠤᠯᠲᠠ ᠬᠢᠭᠰᠡᠨ ᠪᠥᠭᠡᠳ ᠠᠵᠢᠯ ᠲᠥᠷᠥᠯ ᠤᠨ ᠮᠡᠷᠭᠡᠵᠢᠯ ᠤᠨ ᠬᠥᠭᠵᠢᠯᠲᠡ ᠶᠢᠨ ᠴᠢᠭᠯᠡᠯ ᠳᠤ ᠴᠢᠭᠯᠡᠭᠦᠯᠦᠨ ᠰᠠᠨᠠᠭᠤᠯᠭ᠎ᠠ ᠳᠤᠷᠠᠳᠪᠠ᠃
ᠬᠥᠬᠡᠬᠤᠲᠠ ᠂ ᠪᠤᠭᠤᠲᠤ ᠬᠤᠲᠠ ᠵᠡᠷᠭᠡ ᠪᠠᠷᠠᠭᠤᠨ ᠣᠷᠣᠨ ᠤ ᠵᠢᠷᠭᠤᠭᠠᠨ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ︶ ᠶᠢᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠥᠬᠦᠳ ᠵᠢᠴᠢ ᠥᠪᠡᠷᠲᠡᠭᠡᠨ ᠵᠠᠰᠠᠬᠤ ᠣᠷᠣᠨ ᠤ ᠲᠣᠪᠴᠢᠶ᠎ᠠ ᠶᠢᠨ ᠬᠤᠯᠪᠣᠭᠳᠠᠯ ᠪᠥᠬᠦᠶ ᠭᠠᠵᠠᠷ ᠠᠯᠪᠠᠨ ᠬᠡᠷ ᠂ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ 110 ᠰᠢᠬᠠᠮ ᠬᠥᠮᠦᠨ ᠬᠤᠷᠠᠯ ᠳᠤ ᠣᠷᠣᠯᠴᠠᠵᠠᠶ ᠃

ᠬᠤᠷᠠᠯ ᠠᠴᠠ ᠬᠤᠷᠠᠯ ᠢᠶᠠᠷ ᠪᠣᠯᠪᠠᠰᠤᠷᠠᠯ ᠢ ᠣᠷᠣᠯᠠᠭᠤᠯᠬᠤ ᠠᠷᠭ᠎ᠠ ᠬᠡᠯᠪᠡᠷᠢ ᠶᠢ ᠠᠪᠴᠤ ᠂ ᠠᠯᠳᠠᠷ ᠬᠦᠨᠳᠦ ᠲᠠᠢ ᠲᠤᠰᠬᠠᠢ ᠮᠡᠷᠭᠡᠵᠢᠯᠲᠡᠨ ᠢ ᠤᠷᠢᠵᠤ ︽ ᠮᠡᠳᠡᠯᠭᠡ ᠶᠢᠨ ᠥᠮᠴᠢᠯᠡᠯ ᠤᠨ ᠡᠷᠬᠡ ᠄ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠭᠤᠣᠯᠯᠠᠭᠴᠢ ᠡᠯᠧᠮᠧᠨ᠋ᠲ ᠢ ᠳᠡᠭᠡᠭᠰᠢᠯᠡᠭᠦᠯᠬᠦ ᠪᠠ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠬᠤ ᠰᠠᠭᠤᠷᠢ ᠴᠢᠨᠠᠷᠲᠠᠢ ᠲᠦᠷᠢᠮ ︾ ᠂ ︽ ᠲᠤᠰᠬᠠᠢ ᠠᠰᠢᠭ ᠢᠶᠠᠷ ᠵᠠᠮᠴᠢᠯᠠᠬᠤ ᠪᠣᠳᠠᠲᠤ ᠶᠠᠪᠤᠳᠠᠯ ᠵᠢᠴᠢ ᠬᠡᠷᠡᠭ ᠤᠨ ᠵᠢᠱᠢᠶ᠎ᠡ ᠶᠢᠨ ᠲᠠᠶᠢᠯᠤᠮᠵᠢ ︾ ᠭᠡᠬᠦ ᠲᠤᠰᠬᠠᠢ ᠰᠡᠳᠦᠪ ᠢᠶᠠᠷ ᠬᠢᠴᠢᠶᠡᠯᠯᠡᠭᠦᠯᠪᠡ ᠃ ᠡᠭᠦᠨ ᠤ ᠬᠠᠮᠲᠤ ᠲᠤᠰᠬᠠᠶ ᠠᠰᠢᠭ ᠤᠨ ᠵᠠᠮᠴᠢᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠦᠯᠡᠳᠡᠭᠡᠯ ᠲᠤᠰᠬᠠᠶ ᠠᠰᠢᠭ ᠤᠨ ᠠᠮᠢᠳᠤᠯᠢᠭᠵᠢᠭᠤᠯᠬᠤ ᠰᠢᠰᠲ᠋ᠧᠮ ᠤᠨ ᠬᠡᠷᠡᠭᠯᠡᠯᠲᠡ ᠶᠢᠨ ᠲᠤᠬᠠᠶ ᠲᠠᠶᠢᠯᠤᠮᠵᠢ ᠬᠢᠵᠦ ᠂ ᠠᠵᠤ ᠠᠬᠤᠶᠢᠯᠠᠯ ᠢ ᠬᠠᠪᠰᠤᠷᠤᠨ ᠰᠢᠨ᠎ᠡ ᠶᠢ ᠡᠭᠦᠳᠬᠦ ᠬᠥᠭᠵᠢᠯᠲᠡ ᠶᠢᠨ ᠳᠤᠮᠳᠠᠬᠢ ᠪᠠᠴᠢᠮ ᠪᠠᠶᠢᠳᠠᠯ ᠢ ᠰᠢᠢᠳᠪᠦᠷᠢᠯᠡᠪᠡ ᠃
ᠲᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ︶ ᠨᠢ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠦᠷᠭᠦᠯᠵᠢᠯᠡᠨ ᠰᠠᠶᠢᠲᠤᠷ ᠬᠢᠵᠦ ᠂ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠢ ᠨᠡᠶᠢᠲᠡᠯᠡᠨ ᠂ ᠲᠤᠰᠬᠠᠶ ᠠᠰᠢᠭ ᠤᠨ ᠲᠤᠭ᠎ᠠ ᠪᠠᠷᠢᠮᠲᠠ ᠶᠢ ᠠᠰᠢᠭᠯᠠᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠂ ᠠᠵᠤ ᠠᠬᠤᠶᠢᠯᠠᠯ ᠂ ᠰᠢᠨ᠎ᠡ ᠶᠢ ᠡᠭᠦᠳᠬᠦ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠢ ᠰᠠᠶᠢᠲᠤᠷ ᠠᠰᠢᠭᠯᠠᠨ ᠂ ᠲᠤᠰᠬᠠᠶ ᠠᠰᠢᠭ ᠤᠨ ᠮᠡᠳᠡᠭᠡ ᠵᠠᠩᠭᠢ ᠶᠢ ᠵᠠᠳᠠᠯᠬᠤ ᠪᠠᠷ ᠳᠠᠮᠵᠢᠭᠤᠯᠤᠨ ᠮᠡᠷᠭᠡᠵᠢᠯ ᠤᠨ ᠳᠤᠲᠠᠭᠤᠳᠠᠯ ᠢ ᠰᠢᠪᠲᠤᠯᠬᠤ ᠂ ᠠᠵᠤ ᠦᠢᠯᠡᠰ ᠤᠨ ᠰᠢᠰᠲ᠋ᠧᠮᠵᠢ ᠶᠢ ᠲᠡᠭᠦᠯᠳᠡᠷᠵᠢᠭᠦᠯᠬᠦ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠤᠯᠤᠨ᠎ᠠ ᠃ ᠡᠭᠦᠨ ᠤ ᠬᠠᠮᠲᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢᠨ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠶ ᠠᠰᠢᠭ ᠪᠠ ᠲᠤᠰᠬᠠᠶ ᠠᠰᠢᠭ ᠤᠨ ᠨᠡᠶᠢᠯᠡᠯ ᠢ ᠦᠷᠭᠦᠯᠵᠢᠯᠡᠨ ᠳᠠᠮᠵᠢᠵᠤ ᠂ ᠲᠤᠰᠬᠠᠶ ᠠᠰᠢᠭ ᠢ ᠬᠤᠪᠢᠷᠠᠭᠤᠯᠬᠤ ᠠᠷᠠᠯᠵᠢᠶᠠᠨ ᠤ ᠲᠠᠪᠴᠠᠩ ᠢ ᠪᠠᠶᠢᠭᠤᠯᠵᠤ ᠂ ᠳᠡᠯᠭᠡᠨ ᠦᠵᠡᠭᠦᠯᠵᠦ ᠲᠠᠨᠢᠯᠴᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠥᠨᠳᠥᠷ ᠥᠷᠲᠡᠭᠲᠦ ᠲᠤᠰᠬᠠᠶ ᠠᠰᠢᠭ ᠢ ᠠᠵᠤ ᠠᠬᠤᠶᠢᠯᠠᠯ ᠯᠤᠭ᠎ᠠ ᠨᠠᠷᠢᠯᠢᠭ ᠣᠨᠣᠪᠴᠢᠲᠠᠢ ᠪᠠᠷ ᠵᠣᠯᠭᠠᠭᠤᠯᠬᠤ ᠶᠢ ᠠᠬᠢᠭᠤᠯᠵᠤ ᠂ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠶᠢ ᠰᠢᠪᠲᠤᠯᠬᠤ ︾ ᠢᠨᠵᠧᠨᠧᠷᠢᠩ ᠳᠤ ᠬᠦᠴᠦᠨ ᠨᠡᠮᠡᠷᠢᠯᠡᠬᠦ ᠶᠢ ᠲᠦᠷᠭᠡᠳᠬᠡᠨ ᠠᠬᠢᠭᠤᠯᠤᠨ᠎ᠠ᠃