|
ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠢᠭᠯᠡᠭᠦᠷ ᠤᠨ ᠣᠨᠣᠪᠴᠢᠲᠠᠶ ᠬᠡᠮᠵᠢᠶ᠎ᠡ︾ ᠶᠢ ᠰᠠᠬᠢᠨ ᠬᠠᠮᠠᠭᠠᠯᠠᠬᠤ ᠠᠵᠢᠯᠯᠠᠭ᠎ᠠ ᠥᠷᠨᠢᠭᠦᠯᠵᠦ ᠪᠠᠶᠢᠨ᠎ᠠ |
|
ᠨᠡᠶᠢᠲᠡᠯᠡᠭᠰᠡᠨ ᠴᠠᠭ᠄
2024/7/9
|
ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠲᠤᠬᠠᠶ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠬᠡᠮᠵᠢᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠷᠠᠳ ᠣᠯᠠᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠡᠮᠵᠢᠯᠲᠡ ᠶᠢᠨ ᠭᠠᠵᠠᠷ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠬᠦᠷᠢᠶᠡᠯᠡᠭ ᠪᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠥᠪ ᠤᠨ ᠲᠤᠰᠬᠠᠶ ᠮᠡᠷᠭᠡᠵᠢᠯ ᠤᠨ ᠠᠵᠢᠯᠲᠠᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠬ᠎ᠠ ᠳᠡᠯᠭᠡᠭᠦᠷ ᠳᠡᠭᠡᠷᠡᠬᠢ ᠡᠯᠧᠺᠲᠷᠣᠨ ᠦᠨ᠎ᠡ ᠪᠤᠳᠤᠬᠤ ᠵᠢᠭᠯᠡᠭᠦᠷ ᠳᠤ ᠭᠡᠨᠡᠳᠲᠡ ᠶᠢᠨ ᠪᠠᠶᠢᠴᠠᠭᠠᠯᠲᠠ ᠬᠢᠪᠠ ᠃

ᠣᠲᠣ ᠪᠣᠯᠲᠠᠯ᠎ᠠ ᠂ ᠨᠡᠶᠢᠲᠡ 5 ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ 6 ᠴᠤᠭᠯᠠᠭ᠎ᠠ ᠮᠠᠶᠢᠮᠠᠶ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠂ 5 ᠳᠠᠯᠠᠢ ᠶᠢᠨ ᠢᠳᠡᠭᠡᠨ ᠪᠠ ᠮᠢᠬᠠᠨ ᠤ ᠬᠤᠭᠤᠯᠠᠨ ᠬᠡᠷ ᠂ 1 ᠡᠷᠲᠡ ᠶᠢᠨ ᠵᠠᠬ᠎ᠠ ᠵᠢᠴᠢ ᠡᠮᠨᠡᠯᠭᠡ ᠶᠢᠨ ᠬᠤᠷᠢᠶᠠᠨ ᠤ ᠣᠶᠢᠷ᠎ᠠ ᠬᠠᠪᠢ ᠶᠢᠨ ᠣᠯᠠᠨ ᠨᠡᠭᠦᠳᠡᠯ ᠳᠡᠯᠭᠡᠭᠦᠷ ᠪᠠ ᠵᠢᠮᠢᠰ ᠤᠨ ᠵᠢᠵᠢᠭᠯᠡᠨ ᠬᠤᠳᠠᠯᠳᠤᠬᠤ ᠳᠡᠯᠭᠡᠭᠦᠷ ᠢ ᠪᠠᠶᠢᠴᠠᠭᠠᠪᠠ ᠃ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠦᠭᠡᠢ ᠂ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠰᠢᠯᠭᠠᠨ ᠲᠣᠭᠲᠠᠭᠠᠭᠰᠠᠨ ᠦᠭᠡᠢ ᠂ ᠵᠣᠷᠢᠭᠤᠳᠠ ᠲᠤᠭᠤᠯᠯᠠᠭᠠ ᠶᠢᠨ ᠪᠢᠲᠡᠭᠦᠮᠵᠢᠯᠡᠯ ᠢ ᠡᠪᠳᠡᠵᠦ ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠭᠰᠠᠨ ᠵᠡᠷᠭᠡ ᠬᠡᠮᠵᠢᠯᠲᠡ ᠶᠢᠨ ᠭᠡᠮ ᠬᠢᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠡᠢ ᠃

ᠲᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠢᠩᠭ᠎ᠠ ᠠᠳᠬᠤᠨ ᠴᠢᠩᠭ᠎ᠠ ᠬᠠᠮᠢᠶᠠᠷᠬᠤ ᠶᠢ ᠪᠠᠷᠢᠮᠲᠠᠯᠠᠵᠤ ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠂ ᠬᠤᠳᠠᠯᠳᠤᠭᠠᠨ ᠤ ᠬᠡᠲᠦ ᠳᠡᠯᠭᠡᠭᠦᠷ ᠂ ᠡᠷᠲᠡ ᠶᠢᠨ ᠵᠠᠬ᠎ᠠ ᠂ ᠰᠥᠨᠢ ᠶᠢᠨ ᠵᠠᠬ᠎ᠠ ᠂ ᠨᠡᠭᠦᠳᠡᠯ ᠳᠡᠯᠭᠡᠭᠦᠷᠴᠢᠨ ᠵᠡᠷᠭᠡ ᠭᠤᠤᠯᠳᠠᠯᠭ᠎ᠠ ᠲᠠᠢ ᠴᠡᠭᠴᠡᠯᠡᠨ ᠵᠠᠰᠠᠬᠤ ᠣᠷᠣᠨ ᠪᠦᠰᠡ ᠶᠢᠨ ᠡᠯᠧᠺᠲᠷᠣᠨ ᠦᠨ᠎ᠡ ᠪᠤᠳᠤᠬᠤ ᠵᠢᠭᠯᠡᠭᠦᠷ ᠤᠨ ᠳᠠᠯᠳᠠᠭᠤᠷ ᠰᠤᠷᠪᠤᠯᠵᠢᠯᠠᠵᠤ ᠬᠢᠨᠠᠯᠲᠠ ᠲᠠᠯᠪᠢᠵᠤ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ ᠂ ᠬᠡᠮ ᠬᠢᠭᠰᠡᠨ ᠡᠯᠧᠺᠲᠷᠣᠨ ᠵᠢᠭᠯᠡᠭᠦᠷ ᠤᠨ ᠪᠣᠷᠣᠯᠠᠭᠤᠯᠭ᠎ᠠ ᠪᠠ ᠥᠭᠡᠷᠡᠴᠢᠯᠡᠨ ᠤᠭᠰᠠᠷᠠᠭᠰᠠᠨ ︽ ᠨᠢᠭᠤᠴᠠ ᠡᠭᠦᠷ ︾ ᠢ ᠴᠢᠩᠭ᠎ᠠ ᠪᠠᠶᠢᠴᠠᠭᠠᠵᠤ ᠂ ᠬᠠᠭᠤᠷᠮᠠᠭ ᠵᠢᠭᠯᠡᠭᠦᠷ ᠢ ᠬᠡᠷᠡᠭᠯᠡᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ ᠂ ᠬᠡᠮᠵᠢᠯᠲᠡ ᠶᠢᠨ ᠵᠠᠬ᠎ᠠ ᠳᠡᠯᠭᠡᠭᠦᠷ ᠢ ᠪᠦᠲᠦᠮᠵᠢᠲᠡᠶ ᠴᠡᠪᠡᠷᠰᠢᠭᠦᠯᠵᠦ ᠂ ᠪᠣᠳᠠᠲᠤ ᠠᠵᠢᠯᠯᠠᠭ᠎ᠠ ᠪᠠᠷ ᠢᠶᠠᠨ ︽ ᠵᠢᠭᠯᠡᠭᠦᠷ ᠤᠨ ᠣᠨᠣᠪᠴᠢᠲᠠᠶ ᠬᠡᠮᠵᠢᠶ᠎ᠡ ︾ ᠶᠢ ᠦᠨᠡᠨ ᠬᠦ ᠪᠠᠲᠤᠯᠠᠨ᠎ᠠ ᠃ |
|
|
|
ᠢᠷᠡᠯᠲᠡ᠄
ᠬᠡᠮᠵᠢᠯᠲᠡ ᠶᠢᠨ ᠭᠠᠵᠠᠷ
|