ᠥᠪᠥᠷ ᠮᠣᠩᠭᠤᠯ ᠤᠨ ᠣᠨᠴᠠᠭᠠᠶ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠥᠪᠡᠷᠲᠡᠭᠡᠨ ᠪᠠᠶᠢᠴᠠᠭᠠᠬᠤ ᠠᠵᠢᠯ ᠢ ᠬᠡᠷᠬᠢᠨ ᠥᠷᠨᠢᠭᠦᠯᠬᠦ ᠪᠣᠶ︖ — ᠣᠨᠴᠠᠭᠠᠢ ᠢᠳᠡᠭᠡᠨ ᠤ ᠮᠡᠳᠡᠯᠭᠡ ᠶᠢᠨ ᠠᠰᠠᠭᠤᠯᠲᠠ ᠬᠠᠷᠢᠭᠤᠯᠲᠠ ︵ᠠᠷᠪᠠᠨ ᠵᠢᠷᠭᠤᠭ᠎ᠠ︶
ᠨᠡᠶᠢᠲᠡᠯᠡᠭᠰᠡᠨ ᠴᠠᠭ᠄
2024/8/20

    ᠪᠥᠬᠦ ᠣᠷᠣᠨ ᠤ ᠣᠨᠴᠠᠭᠠᠶ ᠢᠳᠡᠭᠡᠨ ᠵᠢᠴᠢ ᠢᠳᠡᠭᠡᠨ ᠤ ᠳᠠᠪᠤᠰᠤ ᠦᠢᠯᠡᠳᠪᠦᠷᠢᠯᠡᠬᠦ ᠠᠵᠤ ᠠᠬᠤᠶᠢᠯᠠᠯ ᠢ ᠤᠯᠠᠮ ᠨᠢᠭᠡ ᠠᠯᠬᠤᠮ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠥᠬᠦ ᠣᠷᠣᠨ ᠤ ᠣᠨᠴᠠᠭᠠᠶ ᠢᠳᠡᠭᠡᠨ ᠵᠢᠴᠢ ᠢᠳᠡᠭᠡᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠᠭᠠᠶ ᠢᠳᠡᠭᠡᠨ ᠵᠢᠴᠢ ᠢᠳᠡᠭᠡᠨ ᠤ ᠳᠠᠪᠤᠰᠤ ᠦᠢᠯᠡᠳᠪᠦᠷᠢᠯᠡᠬᠦ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠥᠪᠡᠷᠲᠡᠭᠡᠨ ᠪᠠᠶᠢᠴᠠᠭᠠᠬᠤ ᠪᠠ ᠮᠡᠳᠡᠭᠦᠯᠬᠦ ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠪᠣᠯᠣᠨ᠎ᠠ᠃

 

图解蒙.jpg

ᠢᠷᠡᠯᠲᠡ᠄ ᠣᠨᠴᠠᠭᠠᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ
Baidu
map