ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ 8 ᠳ᠋ᠤᠭᠠᠷ ᠰᠠᠷ᠎ᠠ ᠶᠢᠨ ᠪᠥᠬᠦ ᠤᠯᠤᠰ ᠤᠨ 12315 ᠲᠠᠪᠴᠠᠩ ᠤᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠠᠶᠢᠳᠠᠯ ᠤᠨ ᠲᠤᠭ᠎ᠠ ᠪᠠᠷᠢᠮᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/9/11

    ᠨᠢᠭᠡ᠂ ᠦᠨᠳᠦᠰᠦᠨ ᠪᠠᠶᠢᠳᠠᠯ

    2024 ᠣᠨ ᠤ 1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ ᠥᠪᠥᠷ ᠮᠣᠩᠭᠤᠯ ᠤᠨ ᠪᠥᠬᠦ ᠤᠯᠤᠰ ᠤᠨ 12315 ᠲᠠᠪᠴᠠᠩ ᠨᠢ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠶᠢ ᠨᠡᠶᠢᠲᠡ 251328 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ ᠪᠠᠨ 4.88% ᠪᠠᠷ ᠨᠡᠮᠡᠭᠳᠡᠪᠡ᠃ ᠡᠭᠦᠨ ᠳᠤ᠂ ᠵᠠᠭᠠᠯᠳᠤᠯᠭ᠎ᠠ 102740 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 13.9% ᠪᠠᠷ ᠨᠡᠮᠡᠭᠳᠡᠪᠡ︔ ᠢᠯᠡᠴᠢᠯᠡᠨ ᠮᠡᠳᠡᠭᠦᠯᠦᠯᠲᠡ 22713 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 17.37% ᠪᠠᠷ ᠨᠡᠮᠡᠭᠳᠡᠪᠡ︔ ᠠᠰᠠᠭᠤᠨ ᠯᠠᠪᠯᠠᠯᠲᠠ 125875 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 3.23% ᠪᠠᠷ ᠪᠠᠭᠠᠰᠪᠠ᠃ ᠵᠠᠭᠠᠯᠳᠤᠭᠰᠠᠨ ᠢᠯᠡᠴᠢᠯᠡᠨ ᠮᠡᠳᠡᠭᠦᠯᠦᠭᠰᠡᠨ ᠨᠡᠶᠢᠲᠡ 118659 ᠬᠡᠷᠡᠭ ᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 94.58% ᠳᠤ ᠬᠦᠷᠴᠦ᠂ ᠬᠡᠷᠡᠭᠯᠡᠭᠴᠢᠳ ᠲᠤ 3730.31 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠨᠢ ᠡᠭᠡᠭᠦᠯᠦᠨ ᠠᠪᠴᠢᠷᠠᠵᠤ ᠥᠭᠴᠡᠶ᠃

    2024 ᠣᠨ ᠤ 8 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠪᠥᠬᠦ ᠤᠯᠤᠰ ᠤᠨ 12315 ᠲᠠᠪᠴᠠᠩ ᠨᠢ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠶᠢ ᠨᠡᠶᠢᠲᠡ 35497 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ ᠪᠠᠨ 2.27% ᠪᠠᠷ ᠨᠡᠮᠡᠭᠳᠡᠪᠡ᠃ ᠡᠭᠦᠨ ᠳᠤ᠂ ᠵᠠᠭᠠᠯᠳᠤᠯᠭ᠎ᠠ 14998 ᠬᠤᠪᠢ ᠪᠠᠶᠢᠵᠤ᠂ ᠶᠡᠷᠦᠩᠬᠡᠶ ᠬᠡᠮᠵᠢᠶᠡᠨ ᠤ 42.25% ᠶᠢ ᠡᠵᠡᠯᠡᠪᠡ︔ ᠢᠯᠡᠴᠢᠯᠡᠨ ᠮᠡᠳᠡᠭᠦᠯᠦᠯᠲᠡ 3234 ᠬᠤᠪᠢ ᠪᠠᠶᠢᠵᠤ᠂ ᠶᠡᠷᠦᠩᠬᠡᠶ ᠬᠡᠮᠵᠢᠶᠡᠨ ᠤ 9.11% ᠶᠢ ᠡᠵᠡᠯᠡᠪᠡ︔ ᠠᠰᠠᠭᠤᠨ ᠯᠠᠪᠯᠠᠯᠲᠠ 17265 ᠬᠤᠪᠢ ᠪᠠᠶᠢᠵᠤ᠂ ᠶᠡᠷᠦᠩᠬᠡᠢ ᠬᠡᠮᠵᠢᠶᠡᠨ ᠤ 48.64% ᠶᠢ ᠡᠵᠡᠯᠡᠪᠡ᠃

    2024 ᠣᠨ ᠤ 8 ᠳ᠋ᠤᠭᠠᠷ ᠰᠠᠷ᠎ᠠ ᠳᠤ ᠪᠥᠬᠦ ᠣᠷᠣᠨ ᠤ 12315 ᠶᠢᠨ ᠭᠥᠯᠢᠶᠡᠨ ᠠᠪᠤᠭᠰᠠᠨ ᠬᠡᠮᠵᠢᠶᠡᠨ ᠤ ᠠᠳᠠᠯᠢ ᠬᠤᠭᠤᠴᠠᠭᠠᠨ ᠤ ᠬᠠᠷᠢᠴᠠᠭᠤᠯᠤᠭᠰᠠᠨ ᠵᠢᠷᠤᠭ᠄

 1.jpg

    ᠡᠯ᠎ᠡ ᠠᠶᠢᠮᠠᠭ ᠬᠤᠲᠠ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠬᠡᠮᠵᠢᠶᠡᠨ ᠤ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ︵ᠨᠢᠭᠡᠴᠢ᠄ ᠬᠤᠪᠢ︶

    ᠳᠠᠭᠠᠯᠳᠤᠭᠤᠯᠤᠯ 1

    ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠶᠢᠨ ᠶᠡᠷᠦᠩᠬᠡᠶ ᠬᠡᠮᠵᠢᠶᠡᠨ ᠤ ᠡᠮᠦᠨ᠎ᠡ ᠭᠤᠷᠪᠠ ᠳᠤ ᠵᠢᠭᠰᠠᠭᠠᠭᠳᠠᠭᠰᠠᠨ ᠨᠢ ᠬᠥᠬᠡᠬᠤᠲᠠ᠂ ᠪᠤᠭᠤᠲᠤ  ᠬᠤᠲᠠ᠂ ᠤᠯᠠᠭᠠᠨᠬᠠᠳᠠ ᠬᠤᠲᠠ ᠪᠣᠯᠤᠨ᠎ᠠ᠃ ᠡᠯ᠎ᠡ ᠵᠦᠢᠯ ᠤᠨ ᠲᠤᠭ᠎ᠠ ᠪᠠᠷᠢᠮᠲᠠ ᠳᠤ ᠵᠠᠭᠠᠯᠳᠤᠯᠭ᠎ᠠ ᠶᠢᠨ ᠬᠡᠮᠵᠢᠶᠡᠨ ᠤ ᠡᠮᠦᠨ᠎ᠡ ᠭᠤᠷᠪᠠ ᠳᠤ  ᠵᠢᠭᠰᠠᠭᠠᠭᠳᠠᠭᠰᠠᠨ ᠨᠢ  ᠬᠥᠬᠡᠬᠤᠲᠠ᠂ ᠤᠯᠠᠭᠠᠨᠬᠠᠳᠠ ᠬᠤᠲᠠ᠂ ᠪᠤᠭᠤᠲᠤ ᠬᠤᠲᠠ ᠪᠠᠶᠢᠵᠤ᠂ ᠢᠯᠡᠴᠢᠯᠡᠨ  ᠮᠡᠳᠡᠭᠦᠯᠦᠯᠲᠡ ᠶᠢᠨ  ᠬᠡᠮᠵᠢᠶᠡᠨ ᠤ  ᠡᠮᠦᠨ᠎ᠡ  ᠭᠤᠷᠪᠠ ᠳᠤ  ᠵᠢᠭᠰᠠᠭᠠᠭᠳᠠᠭᠰᠠᠨ ᠨᠢ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ ᠪᠠᠶᠢᠪᠠ᠃

    ᠬᠤᠶᠠᠷ᠂ ᠵᠠᠭᠠᠯᠳᠤᠯᠭ᠎ᠠ ᠶᠢᠨ ᠪᠠᠶᠢᠳᠠᠯ ᠤᠨ ᠲᠤᠭ᠎ᠠ ᠪᠠᠷᠢᠮᠳᠠ ᠶᠢᠨ ᠪᠦᠷᠢᠳᠬᠡᠯ

    8 ᠳ᠋ᠤᠭᠠᠷ ᠰᠠᠷ᠎ᠠ ᠳᠤ ᠬᠡᠷᠡᠭᠯᠡᠭᠴᠢᠳ ᠤᠨ ᠵᠠᠭᠠᠯᠳᠤᠯᠭ᠎ᠠ ᠶᠢ ᠨᠡᠶᠢᠲᠡ 14998 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ ᠪᠠᠨ 7.40% ᠪᠠᠷ ᠨᠡᠮᠡᠭᠳᠡᠪᠡ᠃ ᠡᠭᠦᠨ ᠳᠤ᠂ ᠲᠠᠸᠠᠷ ᠤᠨ ᠲᠥᠷᠥᠯ 8628 ᠬᠤᠪᠢ ᠪᠠᠶᠢᠵᠤ᠂ 6370 ᠦᠢᠯᠡᠴᠢᠯᠡᠭᠡᠨ ᠤ ᠲᠥᠷᠥᠯ ᠳᠤ ᠬᠤᠯᠪᠣᠭᠳᠠᠵᠠᠶ᠃ ᠵᠠᠭᠠᠯᠳᠤᠯᠭ᠎ᠠ ᠳᠤ ᠬᠤᠯᠪᠣᠭᠳᠠᠭᠰᠠᠨ ᠮᠠᠷᠭᠤᠯᠳᠤᠭᠠᠨ ᠤ ᠵᠣᠭᠤᠰ ᠤᠨ ᠲᠤᠭ᠎ᠠ 999.77 ᠲᠦᠮᠡᠨ ᠲᠥᠭᠦᠷᠢᠭ ᠪᠠᠶᠢᠵᠤ᠂ ᠬᠡᠷᠡᠭᠯᠡᠭᠴᠢᠳ ᠲᠤ 367.28 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠨᠢ ᠡᠭᠡᠭᠦᠯᠦᠨ ᠠᠪᠴᠢᠷᠠᠪᠠ᠃ 9 ᠳ᠋ᠦ᠋ᠭᠡᠷ ᠰᠠᠷ᠎ᠠ ᠶᠢᠨ 3 ᠤ ᠡᠳᠦᠷ ᠪᠣᠯᠲᠠᠯ᠎ᠠ ᠨᠢᠭᠡᠨᠲᠡ 10981 ᠬᠤᠪᠢ ᠶᠢ ᠨᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 73.22% ᠪᠣᠯᠤᠨ᠎ᠠ᠃

    ᠪᠤᠰᠤᠳᠴᠢ ᠴᠤᠭᠴᠠ ᠶᠢᠨ ᠲᠦᠷᠦᠯ ᠢᠯᠭᠠᠯ ᠢ ᠬᠦᠰᠦᠨᠦᠭᠲᠦ ᠠᠴᠠ ᠦᠵᠡ ︵ᠨᠢᠭᠡ︶ ︵ᠬᠤᠶᠠᠷ︶

    ︵ᠨᠢᠭᠡ︶ ᠲᠠᠸᠠᠷ ᠤᠨ ᠲᠦᠷᠦᠯ ᠳᠤ ᠬᠤᠯᠪᠣᠭᠳᠠᠭᠰᠠᠨ

    ᠳᠠᠭᠠᠯᠳᠤᠭᠤᠯᠤᠯ 2

    ᠲᠠᠸᠠᠷ ᠤᠨ ᠲᠥᠷᠥᠯ ᠤᠨ ᠵᠠᠭᠠᠯᠳᠤᠯᠭ᠎ᠠ ᠠᠳᠠᠯᠢ ᠬᠤᠭᠤᠴᠠᠭᠠᠨ ᠤ ᠬᠢ ᠠᠴᠠ ᠪᠠᠨ 15.84% ᠪᠠᠷ ᠨᠡᠮᠡᠭᠳᠡᠪᠡ᠃ ᠵᠠᠭᠠᠯᠳᠤᠯᠭ᠎ᠠ ᠶᠢᠨ ᠬᠡᠮᠵᠢᠶᠡᠨ ᠤ ᠡᠮᠦᠨ᠎ᠡ ᠲᠠᠪᠤ ᠳᠤ ᠵᠢᠭᠰᠠᠭᠠᠭᠳᠠᠭᠰᠠᠨ ᠲᠠᠸᠠᠷ ᠤᠨ ᠶᠡᠭᠡ ᠲᠦᠷᠦᠯ ᠳᠤ ᠳᠠᠷᠠᠭᠠᠯᠠᠯ ᠢᠶᠠᠷ ᠢᠳᠡᠭᠡᠨ ᠤ ᠵᠦᠢᠯ᠂ ᠬᠤᠪᠴᠠᠰᠤ ᠬᠤᠨᠠᠷ ᠱᠠᠬᠠᠢ ᠮᠠᠯᠠᠭᠠᠢ᠂ ᠵᠠᠮ ᠬᠠᠷᠢᠯᠴᠠᠭᠠᠨ ᠤ ᠪᠠᠭᠠᠵᠢ᠂ ᠭᠡᠷ ᠤᠨ ᠡᠳ᠋ᠯᠡᠯ ᠬᠡᠷᠡᠭᠰᠡᠯ᠂ ᠵᠠᠰᠠᠯ ᠴᠢᠮᠡᠭᠯᠡᠯ ᠪᠠᠶᠢᠪᠠ᠃

ᠵᠠᠭᠠᠯᠳᠤᠯᠭ᠎ᠠ ᠶᠢᠨ ᠬᠡᠮᠵᠢᠶᠡᠨ ᠤ ᠡᠮᠦᠨ᠎ᠡ ᠲᠠᠪᠤ ᠳᠤ ᠵᠢᠭᠰᠠᠭᠠᠭᠳᠠᠭᠰᠠᠨ ᠲᠠᠸᠠᠷ ᠤᠨ ᠶᠡᠭᠡ ᠲᠥᠷᠥᠯ ᠤᠨ ᠬᠢᠨ ᠤ ᠲᠠᠸᠠᠷ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠳᠤ ᠡᠵᠡᠯᠡᠬᠦ ᠬᠤᠪᠢ ᠶᠢᠨ ᠵᠢᠩ ᠤᠨ ᠵᠡᠭᠡᠷᠡᠩᠬᠡᠢ ᠵᠢᠷᠤᠭ᠄

 2.jpg

    ᠵᠠᠭᠠᠯᠳᠤᠯᠭ᠎ᠠ ᠶᠢᠨ ᠬᠡᠮᠵᠢᠶᠡᠨ ᠤ ᠨᠢᠭᠡᠳᠦᠭᠡᠷ ᠲᠤ ᠪᠠᠶᠢᠷᠢᠯᠠᠬᠤ ᠢᠳᠡᠭᠡᠨ ᠤ ᠵᠦᠢᠯ 4776 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 55.35% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠵᠠᠭᠠᠯᠳᠤᠯᠭ᠎ᠠ ᠨᠡᠯᠢᠶᠡᠳ ᠣᠯᠠᠨ ᠲᠠᠸᠠᠷ ᠨᠢ ᠡᠩ ᠤᠨ ᠢᠳᠡᠭᠡᠨ ᠤ ᠵᠦᠢᠯ 3823 ᠬᠤᠪᠢ᠂ ᠠᠷᠢᠬᠢ ᠪᠠ ᠤᠮᠳᠠᠭᠠᠨ 427 ᠬᠤᠪᠢ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ 367 ᠬᠤᠪᠢ᠂ ᠢᠳᠡᠭᠡᠨ ᠤ ᠵᠦᠢᠯ ᠤᠨ ᠬᠤᠯᠪᠣᠭᠳᠠᠯ ᠪᠦᠬᠦᠢ ᠪᠦᠲᠦᠭᠡᠭᠳᠡᠬᠦᠨ 85 ᠬᠤᠪᠢ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ 40 ᠬᠤᠪᠢ᠂ ᠡᠷᠡᠭᠦᠯᠵᠢᠯ ᠤᠨ ᠢᠳᠡᠭᠡᠨ 28 ᠬᠤᠪᠢ᠂ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ 6 ᠬᠤᠪᠢ ᠪᠤᠢ᠃

    ᠵᠠᠭᠠᠯᠳᠤᠯᠭ᠎ᠠ ᠶᠢᠨ ᠬᠡᠮᠵᠢᠶᠡᠨ ᠤ ᠬᠤᠶᠠᠳᠤᠭᠠᠷ ᠲᠤ ᠪᠠᠶᠢᠷᠢᠯᠠᠬᠤ ᠬᠤᠪᠴᠠᠰᠤ ᠬᠤᠨᠠᠷ ᠱᠠᠬᠠᠢ ᠮᠠᠯᠠᠭᠠᠢ ᠶᠢᠨ ᠲᠥᠷᠥᠯ 748 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 8.67% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠵᠠᠭᠠᠯᠲᠤᠯᠭ᠎ᠠ ᠨᠡᠯᠢᠶᠡᠳ ᠣᠯᠠᠨ ᠲᠠᠸᠠᠷ ᠨᠢ ᠪᠠᠩᠵᠠᠯ 277 ᠵᠠᠬ᠎ᠠ᠂ ᠱᠠᠬᠠᠢ 213 ᠵᠠᠬ᠎ᠠ᠂ ᠥᠮᠥᠳᠥ 78 ᠵᠠᠬ᠎ᠠ᠂ ᠭᠠᠳᠠᠷ ᠬᠤᠪᠴᠠᠰᠤ 70 ᠵᠠᠬ᠎ᠠ᠂ ᠬᠠᠨᠵᠢᠶᠠᠷ 37 ᠵᠠᠬ᠎ᠠ᠂ ᠴᠠᠮᠴᠠ 16 ᠵᠠᠬ᠎ᠠ᠂ ᠦᠨᠳᠦᠰᠦᠲᠡᠨ ᠤ ᠬᠤᠪᠴᠠᠰᠤ ᠬᠤᠨᠠᠷ 12 ᠵᠠᠬ᠎ᠠ᠂ ᠪᠤᠰᠤᠳ ᠵᠠᠭᠠᠯᠳᠤᠯᠭ᠎ᠠ 45 ᠬᠤᠪᠢ ᠪᠠᠶᠢᠪᠠ᠃

    ᠵᠠᠭᠠᠯᠳᠤᠯᠭ᠎ᠠ ᠶᠢᠨ ᠬᠡᠮᠵᠢᠶᠡᠨ ᠤ ᠭᠤᠷᠪᠠᠳᠤᠭᠠᠷ ᠲᠤ ᠪᠠᠶᠢᠷᠢᠯᠠᠬᠤ ᠵᠠᠮ ᠬᠠᠷᠢᠯᠴᠠᠭᠠᠨ ᠤ ᠪᠠᠭᠠᠵᠢ᠋ ᠶᠢᠨ ᠲᠦᠷᠦᠯ 551 ᠬᠤᠪᠢ ᠪᠠᠶᠢᠵᠤ᠂ ᠲᠠᠸᠠᠷ ᠤᠨ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 6.39% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠮᠠᠰᠢᠨ ᠲᠡᠷᠭᠡ ᠵᠢᠴᠢ ᠮᠠᠰᠢᠨ ᠲᠡᠷᠭᠡᠨ ᠤ ᠰᠡᠯᠪᠢᠭ ᠲᠣᠨᠤᠭ 431 ᠬᠤᠪᠢ᠂ ᠳᠤᠭᠤᠢ ᠲᠡᠷᠭᠡ ᠵᠢᠴᠢ ᠰᠡᠯᠪᠢᠭ ᠲᠣᠨᠤᠭ 71 ᠬᠤᠪᠢ᠂ ᠮᠣᠲ᠋ᠣᠷ ᠲᠡᠷᠭᠡ ᠪᠠ ᠲᠤᠰᠠᠯᠠᠬᠤ ᠲᠡᠷᠭᠡ 49 ᠬᠤᠪᠢ ᠪᠠᠶᠢᠪᠠ᠃

    ᠵᠠᠭᠠᠯᠳᠤᠯᠭ᠎ᠠ ᠶᠢᠨ ᠬᠡᠮᠵᠢᠶᠡᠨ ᠤ ᠳᠥᠷᠪᠡᠳᠦᠭᠡᠷ ᠲᠤ ᠪᠠᠶᠢᠷᠢᠯᠠᠬᠤ ᠭᠡᠷ ᠤᠨ ᠬᠡᠷᠡᠭᠰᠡᠯ ᠤᠨ ᠲᠦᠷᠦᠯ 370 ᠬᠤᠪᠢ ᠪᠠᠶᠢᠵᠤ᠂ ᠲᠠᠸᠠᠷ ᠤᠨ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 4.29% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠭᠡᠷ ᠤᠨ ᠬᠡᠷᠡᠭᠰᠡᠯ 175 ᠬᠤᠪᠢ᠂ ᠲᠣᠭᠤᠭᠠᠨ ᠤ ᠭᠡᠷ ᠤᠨ ᠬᠡᠷᠡᠭᠰᠡᠯ 57 ᠬᠤᠪᠢ᠂ ᠡᠳᠦᠷ ᠲᠣᠲᠣᠮ ᠤᠨ ᠬᠡᠷᠡᠭᠯᠡᠭᠡᠨ ᠤ ᠵᠦᠢᠯ 39 ᠬᠤᠪᠢ᠂ ᠨᠢᠳᠦᠨ ᠰᠢᠯ 33 ᠬᠤᠪᠢ᠂ ᠴᠠᠭ 29 ᠬᠤᠪᠢ᠂ ᠬᠠᠶᠢᠷᠴᠠᠭ ᠪᠣᠭᠴᠤ 15 ᠬᠤᠪᠢ᠂ ᠠᠷᠢᠭᠤᠨ ᠴᠡᠪᠡᠷ ᠤᠨ ᠬᠡᠷᠡᠭᠯᠡᠭᠡᠨ ᠤ ᠵᠦᠢᠯ 11 ᠬᠤᠪᠢ᠂ ᠣᠷᠣᠨ ᠤ ᠬᠡᠷᠡᠭᠯᠡᠭᠡᠨ ᠤ ᠵᠦᠢᠯ 8 ᠬᠤᠪᠢ᠂ ᠨᠡᠬᠡᠮᠡᠯ ᠡᠳ᠋ 3 ᠬᠤᠪᠢ ᠪᠠᠶᠢᠪᠠ᠃

ᠵᠠᠭᠠᠯᠳᠤᠯᠭ᠎ᠠ ᠶᠢᠨ ᠬᠡᠮᠵᠢᠶᠡᠨ ᠤ ᠲᠠᠪᠤᠳᠤᠭᠠᠷ ᠲᠤ ᠪᠠᠶᠢᠷᠢᠯᠠᠬᠤ ᠵᠠᠰᠠᠯ ᠵᠢᠮᠰᠡᠭ ᠤᠨ ᠲᠥᠷᠥᠯ 265 ᠬᠤᠪᠢ ᠪᠠᠶᠢᠵᠤ ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 3.07% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠰᠢᠵᠢᠷ ᠠᠯᠲᠠᠨ ᠤ ᠵᠠᠰᠠᠯ ᠵᠢᠮᠰᠡᠭ 153 ᠬᠤᠪᠢ᠂ ᠴᠠᠭᠠᠨ ᠮᠥᠩᠭᠦᠨ ᠤ ᠵᠠᠰᠠᠯ ᠵᠢᠮᠰᠡᠭ 38 ᠬᠤᠪᠢ᠂ ᠪᠠᠶᠢᠭᠠᠯᠢ ᠶᠢᠨ ᠬᠠᠰ ᠴᠢᠯᠠᠭᠤ 30 ᠬᠤᠪᠢ᠂ ᠪᠠᠶᠢᠭᠠᠯᠢ ᠶᠢᠨ ᠡᠷᠳᠡᠨᠢ ᠴᠢᠯᠠᠭᠤ 15 ᠬᠤᠪᠢ᠂ ᠤᠷᠭᠠᠨᠢᠭ ᠡᠷᠳᠡᠨᠢ ᠴᠢᠯᠠᠭᠤ 12 ᠬᠤᠪᠢ᠂ ᠪᠤᠰᠤᠳ ᠵᠠᠰᠠᠯ ᠵᠢᠮᠰᠡᠭ 17 ᠬᠤᠪᠢ ᠪᠠᠶᠢᠪᠠ᠃

    ᠲᠠᠸᠠᠷ ᠤᠨ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨ᠎ᠡ ᠠᠷᠪᠠᠨ ᠨᠡᠷ᠎ᠡ ᠲᠤ ᠪᠠᠶᠢᠭ᠎ᠠ ᠨᠢ ᠡᠩ ᠤᠨ ᠰᠠᠭᠤᠳᠠᠯ ᠤᠨ ᠮᠠᠰᠢᠨ ᠲᠡᠷᠭᠡ 304 ᠬᠤᠪᠢ᠂ ᠠᠮᠤ ᠭᠤᠯᠢᠷ ᠵᠢᠴᠢ ᠲᠡᠭᠦᠨ ᠤ ᠪᠦᠲᠦᠭᠡᠭᠳᠡᠬᠦᠨ ︵ᠥᠪᠡᠷ ᠢᠶᠠᠨ ᠦᠢᠯᠡᠳᠦᠭᠰᠡᠨ︶ 238 ᠬᠤᠪᠢ᠂ ᠲᠠᠰᠢᠨᠵᠠ 215 ᠵᠠᠬ᠎ᠠ᠂ ᠮᠢᠬᠠᠨ ᠤ ᠪᠦᠲᠦᠭᠡᠭᠳᠡᠬᠦᠨ ︵ᠥᠪᠡᠷ ᠢᠶᠠᠨ ᠦᠢᠯᠡᠳᠦᠭᠰᠡᠨ︶ 202 ᠬᠤᠪᠢ᠂ ᠭᠠᠷ ᠤᠲᠠᠰᠤ 182 ᠬᠤᠪᠢ᠂ ᠪᠣᠷᠴᠠ ᠶᠢᠨ ᠲᠦᠷᠦᠯ 169 ᠬᠤᠪᠢ᠂ ᠲᠣᠰᠣᠨ ᠳᠤ ᠪᠤᠴᠠᠯᠭᠠᠭᠰᠠᠨ ᠲᠥᠬᠦᠮ ᠭᠤᠯᠢᠷ 133 ᠬᠤᠪᠢ᠂ ᠪᠠᠺᠲ᠋ᠧᠷᠢ ᠤᠰᠠᠳᠬᠠᠭᠰᠠᠨ ᠰᠦ 125 ᠬᠤᠪᠢ᠂ ᠲᠠᠮᠢᠷ ᠤᠨ ᠱᠠᠬᠠᠶ 112 ᠵᠠᠬ᠎ᠠ᠂ ᠳᠠᠷᠤᠰᠢᠭᠤᠯᠤᠭᠰᠠᠨ ᠮᠢᠬᠠᠨ ᠤ ᠲᠦᠷᠦᠯ 103 ᠬᠤᠪᠢ ︵ᠭᠥᠯᠢᠶᠡᠨ ᠠᠪᠤᠭᠰᠠᠨ ᠬᠡᠮᠵᠢᠶᠡᠨ ᠳᠠᠬᠢ ᠠᠯᠢᠪᠠ ︽ᠪᠤᠰᠤᠳ︾ ᠢ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠦᠭᠡᠢ︶ ᠪᠠᠶᠢᠵᠤ᠂ ᠬᠤᠳᠠᠯᠳᠤᠭᠠᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 20.67% ᠶᠢ ᠡᠵᠡᠯᠡᠪᠡ᠃

    ︵ᠬᠤᠶᠠᠷ︶ ᠦᠢᠯᠡᠴᠢᠯᠡᠭᠡᠨ ᠤ ᠲᠦᠷᠦᠯ ᠳᠤ ᠬᠤᠯᠪᠣᠭᠳᠠᠭᠰᠠᠨ

    ᠳᠠᠭᠠᠯᠳᠤᠭᠤᠯᠤᠯ 3

    ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠠᠳᠠᠯᠢ ᠬᠤᠭᠤᠴᠠᠭᠠᠨ ᠤ ᠬᠢ ᠠᠴᠠ ᠪᠠᠨ 2.24% ᠪᠠᠷ ᠪᠠᠭᠠᠰᠪᠠ᠃ ᠵᠠᠭᠠᠯᠳᠤᠯᠭ᠎ᠠ ᠶᠢᠨ ᠬᠡᠮᠵᠢᠶᠡᠨ ᠤ ᠡᠮᠦᠨ᠎ᠡ ᠲᠠᠪᠤ ᠳᠤ ᠵᠢᠬᠰᠠᠭᠠᠬᠳᠠᠬᠰᠠᠨ ᠦᠢᠯᠡᠴᠢᠯᠡᠭᠡᠨ ᠤ ᠶᠡᠭᠡ ᠲᠦᠷᠦᠯ ᠳᠤ ᠳᠠᠷᠠᠭᠠᠯᠠᠯ ᠢᠶᠠᠷ ᠢᠳᠡᠭᠡᠨ ᠤᠮᠳᠠᠭᠠᠨ ᠪᠠ ᠬᠤᠨᠤᠭᠯᠠᠬᠤ ᠦᠢᠯᠡᠴᠢᠯᠡᠭᠡ᠂ ᠪᠣᠷᠣᠯᠠᠭᠤᠯᠭ᠎ᠠ ᠶᠢᠨ ᠦᠢᠯᠡᠴᠢᠯᠡᠭᠡ᠂ ᠰᠣᠶᠣᠯ ᠵᠤᠭ᠎ᠠ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ᠂ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠶᠢᠨ ᠦᠢᠯᠡᠴᠢᠯᠡᠭᠡ ᠪᠠᠶᠢᠪᠠ᠃

    ᠵᠠᠭᠠᠯᠳᠤᠯᠭ᠎ᠠ ᠶᠢᠨ ᠬᠡᠮᠵᠢᠶᠡᠨ ᠤ ᠡᠮᠦᠨ᠎ᠡ ᠲᠠᠪᠤ ᠳᠤ ᠵᠢᠭᠰᠠᠭᠠᠭᠳᠠᠭᠰᠠᠨ ᠦᠢᠯᠡᠴᠢᠯᠡᠭᠡᠨ ᠤ ᠶᠡᠭᠡ ᠲᠥᠷᠥᠯ ᠤᠨ ᠬᠢᠨ ᠤ ᠦᠢᠯᠡᠴᠢᠯᠡᠭᠡᠨ ᠤ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠳᠤ ᠡᠵᠡᠯᠡᠬᠦ ᠬᠤᠪᠢ ᠶᠢᠨ ᠵᠢᠩ ᠤᠨ ᠵᠡᠭᠡᠷᠡᠩᠬᠡᠢ ᠵᠢᠷᠤᠭ᠄

 3.jpg

    ᠵᠠᠭᠠᠯᠳᠤᠯᠭ᠎ᠠ ᠶᠢᠨ ᠬᠡᠮᠵᠢᠶᠡᠨ ᠤ ᠨᠢᠭᠡᠳᠦᠭᠡᠷ ᠲᠤ ᠪᠠᠶᠢᠷᠢᠯᠠᠬᠤ ᠢᠳᠡᠭᠡᠨ ᠤᠮᠳᠠᠭᠠᠨ ᠪᠠ ᠬᠤᠨᠣᠭᠯᠠᠬᠤ ᠦᠢᠯᠡᠴᠢᠯᠡᠭᠡ 1714 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 26.91% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠢᠳᠡᠭᠡᠨ ᠤᠮᠳᠠᠭᠠᠨ ᠤ ᠦᠢᠯᠡᠴᠢᠯᠡᠭᠡ 879    ᠬᠤᠪᠢ᠂ ᠬᠤᠨᠣᠭᠯᠠᠬᠤ ᠦᠢᠯᠡᠴᠢᠯᠡᠭᠡ 835 ᠬᠤᠪᠢ ᠪᠠᠶᠢᠪᠠ᠃

    ᠵᠠᠭᠠᠯᠳᠤᠯᠭ᠎ᠠ ᠶᠢᠨ ᠬᠡᠮᠵᠢᠶᠡᠨ ᠤ ᠬᠤᠶᠠᠳᠤᠭᠠᠷ ᠲᠤ ᠪᠠᠶᠢᠷᠢᠯᠠᠬᠤ ᠪᠣᠷᠤᠯᠠᠭᠤᠯᠭ᠎ᠠ ᠶᠢᠨ ᠦᠢᠯᠡᠴᠢᠯᠡᠭᠡ 1094 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 17.17% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠤᠷᠢᠳᠴᠢᠯᠠᠨ ᠲᠦᠯᠦᠪᠦᠷᠢᠯᠡᠬᠦ ᠺᠠᠷᠲ ᠤᠨ ᠦᠢᠯᠡᠴᠢᠯᠡᠭᠡ 736 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 141 ᠬᠤᠪᠢ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 59 ᠬᠤᠪᠢ᠂ ᠢᠨᠲ᠋ᠧᠷ ᠰᠦᠯᠵᠢᠶᠡᠨ ᠤ ᠰᠢᠭᠤᠳ ᠪᠣᠷᠣᠯᠠᠭᠤᠯᠬᠤ ᠦᠢᠯᠡᠴᠢᠯᠡᠭᠡ 35 ᠬᠤᠪᠢ᠂ ᠬᠠᠷᠠᠭᠠᠯᠵᠠᠯ ᠤᠨ ᠺᠠᠷᠲ ᠪᠣᠷᠣᠯᠠᠭᠤᠯᠬᠤ ᠦᠢᠯᠡᠴᠢᠯᠡᠭᠡ 18 ᠬᠤᠪᠢ᠂ ᠵᠠᠬᠢᠶᠠᠯᠠᠨ ᠬᠤᠳᠠᠯᠳᠤᠬᠤ ᠦᠢᠯᠡᠴᠢᠯᠡᠭᠡ 15    ᠬᠤᠪᠢ᠂ ᠱᠠᠩᠨᠠᠯ ᠲᠠᠢ ᠡᠵᠡᠩᠨᠡᠨ ᠪᠣᠷᠣᠯᠠᠭᠤᠯᠬᠤ ᠦᠢᠯᠡᠴᠢᠯᠡᠭᠡ 13 ᠬᠤᠪᠢ᠂ ᠪᠤᠰᠤᠳ ᠪᠣᠷᠣᠯᠠᠭᠤᠯᠭ᠎ᠠ ᠶᠢᠨ ᠦᠢᠯᠡᠴᠢᠯᠡᠭᠡ 77 ᠬᠤᠪᠢ ᠪᠠᠶᠢᠪᠠ᠃

    ᠵᠠᠭᠠᠯᠳᠤᠯᠭ᠎ᠠ ᠶᠢᠨ ᠬᠡᠮᠵᠢᠶᠡᠨ ᠤ ᠭᠤᠷᠪᠠᠳᠤᠭᠠᠷ ᠲᠤ ᠪᠠᠶᠢᠷᠢᠯᠠᠬᠤ ᠰᠣᠶᠣᠯ ᠵᠤᠭ᠎ᠠ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ 334 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 5.24% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠲᠣᠭᠤᠷᠢᠨ ᠵᠤᠭᠠᠴᠠᠬᠤ ᠦᠢᠯᠡᠴᠢᠯᠡᠭᠡ 144 ᠬᠤᠪᠢ᠂ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ 128 ᠬᠤᠪᠢ᠂ ᠺᠢᠨᠣ᠋ ᠭᠠᠷᠭᠠᠬᠤ ᠦᠢᠯᠡᠴᠢᠯᠡᠭᠡ 43 ᠬᠤᠪᠢ᠂ ᠲᠣᠭᠯᠠᠯᠲᠠ ᠭᠠᠷᠭᠠᠬᠤ ᠤᠷᠠᠯᠢᠭ ᠤᠨ ᠦᠢᠯᠡᠴᠢᠯᠡᠭᠡ 16 ᠬᠤᠪᠢ᠂ ᠨᠣᠮ ᠤᠨ ᠰᠠᠩ ᠤᠨ ᠲᠠᠩᠰᠠ ᠡᠪᠬᠡᠮᠡᠯ ᠤᠨ ᠣᠷᠳᠣᠨ ᠤ ᠦᠢᠯᠡᠴᠢᠯᠡᠭᠡ 2 ᠬᠤᠪᠢ᠂ ᠦᠵᠡᠰᠬᠦᠯᠡᠩ ᠤᠨ ᠦᠢᠯᠡᠴᠢᠯᠡᠭᠡ 1 ᠬᠤᠪᠢ    ᠪᠠᠶᠢᠪᠠ᠃

    ᠵᠠᠭᠠᠯᠳᠤᠯᠭ᠎ᠠ ᠶᠢᠨ ᠬᠡᠮᠵᠢᠶᠡᠨ ᠤ ᠳᠥᠷᠪᠡᠳᠦᠭᠡᠷ ᠲᠤ ᠪᠠᠶᠢᠷᠢᠯᠠᠬᠤ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ 303 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 4.76% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡ 201    ᠬᠤᠪᠢ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 71 ᠬᠤᠪᠢ᠂ ᠠᠩᠬ᠎ᠠ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 20 ᠬᠤᠪᠢ᠂ ᠳᠤᠮᠳᠠᠳᠤ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 11 ᠬᠤᠪᠢ ᠪᠠᠶᠢᠪᠠ᠃

    ᠵᠠᠭᠠᠯᠳᠤᠯᠭ᠎ᠠ ᠶᠢᠨ ᠬᠡᠮᠵᠢᠶᠡᠨ ᠤ ᠲᠠᠪᠤᠳᠤᠭᠠᠷ ᠲᠤ ᠪᠠᠶᠢᠷᠢᠯᠠᠬᠤ ᠵᠢᠰᠦ ᠭᠤᠶᠣᠯᠠᠵᠤ ᠦᠰᠦ ᠵᠠᠰᠠᠬᠤ ᠤᠭᠢᠶᠠᠯᠭ᠎ᠠ ᠶᠢᠨ ᠦᠢᠯᠡᠴᠢᠯᠡᠭᠡ 296 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 4.65% ᠶᠢ ᠡᠵᠡᠯᠡᠪᠡ᠃ ᠡᠶᠢᠮᠦᠷᠬᠦᠦ ᠵᠠᠭᠠᠯᠳᠤᠯᠭ᠎ᠠ ᠳᠤ ᠵᠢᠰᠦ ᠭᠤᠶᠤᠯᠠᠵᠤ ᠦᠰᠦ ᠵᠠᠰᠠᠬᠤ ᠦᠢᠯᠡᠴᠢᠯᠡᠭᠡ 181 ᠬᠤᠪᠢ᠂ ᠤᠬᠢᠶᠠᠯᠭ᠎ᠠ ᠪᠠ ᠢᠯᠢᠵᠦ ᠨᠤᠬᠤᠯᠠᠬᠤ ᠦᠢᠯᠡᠴᠢᠯᠡᠭᠡ 115 ᠬᠤᠪᠢ ᠪᠠᠶᠢᠪᠠ᠃

    ᠦᠢᠯᠡᠴᠢᠯᠡᠭᠡᠨ ᠤ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨ᠎ᠡ ᠠᠷᠪᠠᠨ ᠨᠡᠷ᠎ᠡ ᠲᠤ ᠪᠠᠶᠢᠭ᠎ᠠ ᠨᠢ ᠵᠣᠴᠢᠳ ᠤᠨ ᠪᠠᠭᠤᠳᠠᠯ ᠤᠨ ᠬᠤᠨᠣᠭᠯᠠᠬᠤ ᠦᠢᠯᠡᠴᠢᠯᠡᠭᠡ 755 ᠬᠤᠪᠢ᠂ ᠤᠷᠢᠳᠴᠢᠯᠠᠨ ᠲᠦᠯᠦᠪᠦᠷᠢᠯᠡᠬᠦ ᠺᠠᠷᠲ ᠤᠨ ᠦᠢᠯᠡᠴᠢᠯᠡᠭᠡ 736 ᠬᠤᠪᠢ᠂ ᠬᠤᠭᠤᠯᠠᠨ ᠭᠡᠷ ᠤᠨ ᠦᠢᠯᠡᠴᠢᠯᠡᠭᠡ 616 ᠬᠤᠪᠢ᠂ ᠵᠢᠭᠤᠯᠴᠢᠯᠠᠯ ᠤᠨ ᠵᠠᠭᠤᠴᠢ ᠶᠢᠨ ᠦᠢᠯᠡᠴᠢᠯᠡᠭᠡ 170 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 141 ᠬᠤᠪᠢ᠂ ᠬᠤᠪᠢ ᠬᠦᠮᠦᠨ ᠤ ᠭᠡᠨᠯ ᠵᠢᠷᠤᠭ ᠤᠨ ᠦᠢᠯᠡᠴᠢᠯᠡᠭᠡ 110 ᠬᠤᠪᠢ᠂ ᠬᠢᠯᠢ ᠶᠢᠨ ᠳᠣᠲᠣᠷᠠᠬᠢ ᠦᠵᠡᠮᠵᠢ ᠶᠢᠨ ᠴᠡᠭ 87 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢᠯᠡᠴᠢᠯᠡᠭᠡ 79 ᠬᠤᠪᠢ᠂ ᠲᠡᠷᠭᠡ ᠬᠥᠰᠬᠡ ᠲᠦᠷᠢᠶᠡᠰᠦᠯᠡᠬᠦ ᠦᠢᠯᠡᠴᠢᠯᠡᠭᠡ 70 ᠬᠤᠪᠢ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 59 ᠬᠤᠪᠢ ︵ᠭᠥᠯᠢᠶᠡᠨ ᠠᠪᠤᠭᠰᠠᠨ ᠬᠡᠮᠵᠢᠶᠡᠨ ᠳᠠᠬᠢ ᠠᠯᠢᠪᠠ ︽ᠪᠤᠰᠤᠳ︾ ᠢ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠦᠭᠡᠢ︶ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 44.32% ᠢ ᠡᠵᠡᠯᠡᠪᠡ᠃

    ᠭᠤᠷᠪᠠ᠂ ᠢᠯᠡᠴᠢᠯᠡᠨ ᠮᠡᠳᠡᠭᠦᠯᠦᠯᠲᠡ ᠶᠢᠨ ᠪᠠᠶᠢᠳᠠᠯ ᠤᠨ ᠲᠤᠭ᠎ᠠ ᠪᠠᠷᠢᠮᠲᠠ ᠶᠢᠨ ᠪᠦᠷᠢᠳᠭᠡᠯ

    8 ᠳ᠋ᠤᠭᠠᠷ ᠰᠠᠷ᠎ᠠ ᠳᠤ 3234 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ ᠪᠠᠨ 15.09% ᠪᠠᠷ ᠨᠡᠮᠡᠭᠳᠡᠪᠡ᠃ ᠡᠭᠦᠨ ᠳᠤ᠂ ᠲᠠᠸᠠᠷ ᠤᠨ ᠲᠥᠷᠥᠯ ᠳᠤ ᠬᠤᠯᠪᠣᠭᠳᠠᠭᠰᠠᠨ 1970 ᠬᠤᠪᠢ᠂ ᠦᠢᠯᠡᠴᠢᠯᠡᠭᠡᠨ ᠤ ᠲᠥᠷᠥᠯ ᠳᠤ ᠬᠤᠯᠪᠣᠭᠳᠠᠭᠰᠠᠨ 1264 ᠬᠤᠪᠢ ᠪᠠᠶᠢᠵᠤ᠂ 9 ᠳ᠋ᠦ᠋ᠭᠡᠷ ᠰᠠᠷ᠎ᠠ ᠶᠢᠨ 3 ᠤ ᠡᠳᠦᠷ ᠪᠣᠯᠲᠠᠯ᠎ᠠ ᠨᠡᠶᠢᠲᠡ 2353 ᠬᠤᠪᠢ ᠶᠢ ᠨᠢ ᠰᠢᠢᠳᠪᠦᠷᠢᠯᠡᠵᠦ ᠳᠠᠭᠤᠰᠬᠠᠪᠠ᠃

    ᠢᠯᠡᠴᠢᠯᠡᠨ ᠮᠡᠳᠡᠭᠦᠯᠦᠯᠲᠡ ᠶᠢᠨ ᠬᠦᠯᠢᠶᠡᠨ ᠠᠪᠤᠭᠰᠠᠨ ᠬᠡᠮᠵᠢᠶᠡᠨ ᠤ ᠡᠮᠦᠨ᠎ᠡ ᠲᠠᠪᠤ ᠳᠤ ᠪᠠᠶᠢᠷᠢᠯᠠᠬᠤ ᠲᠠᠸᠠᠷ᠂ ᠦᠢᠯᠡᠴᠢᠯᠡᠭᠡᠨ ᠤ ᠲᠥᠷᠥᠯ ᠤᠨ ᠬᠤᠪᠢᠶᠠᠭᠰᠠᠨ ᠬᠦᠰᠦᠨᠦᠭᠲᠦ᠄

    ᠳᠠᠭᠠᠯᠳᠤᠭᠤᠯᠤᠯ 4

    ᠲᠠᠸᠠᠷ ᠤᠨ ᠲᠥᠷᠥᠯ ᠤᠨ ᠢᠯᠡᠴᠢᠯᠡᠨ ᠮᠡᠳᠡᠭᠦᠯᠦᠯᠲᠡ ᠬᠠᠮᠤᠭ ᠤᠨ ᠣᠯᠠᠨ ᠢᠳᠡᠭᠡᠨ ᠤ ᠲᠥᠷᠥᠯ 1105 ᠬᠤᠪᠢ ᠪᠠᠶᠢᠵᠤ᠂ ᠲᠠᠸᠠᠷ ᠤᠨ ᠲᠥᠷᠥᠯ ᠤᠨ ᠢᠯᠡᠴᠢᠯᠡᠨ ᠮᠡᠳᠡᠭᠦᠯᠦᠯᠲᠡ ᠶᠢᠨ ᠶᠡᠷᠦᠩᠬᠡᠶ ᠬᠡᠮᠵᠢᠶᠡᠨ ᠤ 56.09% ᠶᠢ ᠡᠵᠡᠯᠡᠪᠡ᠃ ᠢᠯᠡᠴᠢᠯᠡᠨ ᠮᠡᠳᠡᠭᠦᠯᠦᠯᠲᠡ ᠨᠢ ᠭᠤᠤᠯᠳᠠᠭᠤ ᠡᠩ ᠤᠨ ᠢᠳᠡᠭᠡᠨ᠂ ᠠᠷᠢᠬᠢ ᠪᠠ ᠤᠮᠳᠠᠭᠠᠨ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠳᠤ ᠬᠤᠯᠪᠣᠭᠳᠠᠵᠤ᠂ ᠢᠯᠵᠠᠷᠠᠵᠤ ᠴᠢᠨᠠᠷ ᠬᠤᠪᠢᠷᠠᠬᠤ᠂ ᠬᠤᠷᠤᠬᠠᠶᠢᠲᠤᠭᠰᠠᠨ᠂ ᠪᠣᠬᠢᠷᠳᠤᠭᠳᠠᠭᠰᠠᠨ᠂  ᠣᠨᠳᠣᠤ ᠵᠦᠢᠯ ᠪᠠᠶᠢᠬᠤ᠂ ᠬᠠᠭᠤᠷᠮᠠᠭ ᠡᠳ᠋ ᠬᠤᠯᠢᠬᠤ ᠪᠤᠶᠤ ᠬᠡᠯᠪᠡᠷᠢ ᠳᠦᠷᠰᠦ ᠨᠢ ᠬᠠᠴᠢᠨ ᠰᠣᠨᠢᠨ ᠬᠡᠪ ᠤᠨ ᠪᠤᠰᠤ ᠢᠳᠡᠭᠡᠨ ᠤ ᠵᠦᠢᠯ᠂ ᠦᠨ᠎ᠡ ᠬᠠᠩᠰᠢ᠂ ᠲᠠᠸᠠᠷ ᠤᠨ ᠲᠡᠮᠲᠡᠭᠲᠦ᠂ ᠵᠠᠷ ᠮᠡᠳᠡᠭᠡ᠂ ᠵᠢᠩ ᠳᠤ ᠪᠠᠨ ᠬᠦᠷᠬᠦ ᠦᠭᠡᠢ ᠵᠡᠷᠭᠡ ᠠᠰᠠᠭᠤᠳᠠᠯ ᠢᠶᠠᠷ ᠭᠤᠤᠯ ᠪᠣᠯᠭᠠᠪᠠ᠃ ᠪᠤᠰᠤᠳ ᠢᠯᠡᠴᠢᠯᠡᠨ ᠮᠡᠳᠡᠭᠦᠯᠦᠯᠲᠡ ᠪᠠᠷ ᠨᠡᠯᠢᠶᠡᠳ ᠠᠷᠪᠢᠨ ᠲᠠᠸᠠᠷ ᠲᠤ ᠣᠨᠴᠠᠭᠠᠢ ᠪᠤᠰᠤ ᠬᠡᠷᠡᠭᠴᠡᠭᠡᠲᠦ ᠵᠠᠰᠠᠯ ᠴᠢᠮᠡᠭ ᠤᠨ ᠡᠳ᠋᠂ ᠲᠠᠸᠠᠷ ᠤᠨ ᠪᠠᠶᠢᠰᠢᠩ᠂ ᠡᠳᠦᠷ ᠲᠤᠲᠤᠮ ᠤᠨ ᠬᠡᠷᠡᠭᠯᠡᠭᠡᠨ ᠤ ᠡᠳ᠋᠂ ᠬᠢᠲᠠᠳ ᠪᠡᠯᠡᠨ ᠡᠮ᠂ ᠬᠢᠲᠠᠳ ᠧᠦ᠋ᠷᠣᠫᠠ ᠪᠡᠯᠡᠨ    ᠡᠮ᠂ ᠠᠮᠢᠳᠤ ᠪᠣᠳᠠᠰ ᠤᠨ ᠬᠢᠮᠢ ᠶᠢᠨ ᠡᠮ ᠤᠨ ᠵᠦᠢᠯ᠂ ᠬᠢᠲᠠᠳ ᠡᠮ ᠤᠨ ᠮᠠᠲ᠋ᠧᠷᠢᠶᠠᠯ᠂ ᠮᠠᠰᠢᠨ ᠲᠡᠷᠭᠡ ᠵᠢᠴᠢ ᠮᠠᠰᠢᠨ ᠲᠡᠷᠭᠡᠨ ᠤ  ᠰᠡᠯᠪᠢᠭ  ᠲᠣᠨᠤᠭ  ᠵᠡᠷᠭᠡ ᠶᠢ  ᠪᠠᠭᠲᠠᠭᠠᠵᠤ᠂ ᠭᠤᠤᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠦᠭᠡᠶ ᠡᠵᠡᠩᠨᠡᠯᠲᠡ᠂ ︽ᠭᠤᠷᠪᠠ ᠦᠭᠡᠶ︾᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ ᠤᠨ  ᠲᠡᠮᠲᠡᠭᠲᠦ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ ᠳᠤ ᠬᠤᠯᠪᠣᠭᠳᠠᠪᠠ᠃

    ᠦᠢᠯᠡᠴᠢᠯᠡᠭᠡᠨ ᠤ ᠲᠥᠷᠥᠯ ᠤᠨ ᠢᠯᠡᠴᠢᠯᠡᠨ ᠮᠡᠳᠡᠭᠦᠯᠦᠯᠲᠡ ᠪᠠᠷ ᠬᠠᠮᠤᠭ ᠤᠨ ᠣᠯᠠᠨ ᠨᠢ ᠢᠳᠡᠭᠡᠨ ᠤᠮᠳᠠᠭᠠᠨ ᠪᠠ ᠬᠤᠨᠣᠭᠯᠠᠬᠤ ᠦᠢᠯᠡᠴᠢᠯᠡᠭᠡ 391 ᠬᠤᠪᠢ    ᠪᠠᠶᠢᠵᠤ᠂ ᠦᠢᠯᠡᠴᠢᠯᠡᠭᠡᠨ ᠤ ᠲᠥᠷᠥᠯ ᠤᠨ ᠢᠯᠡᠴᠢᠯᠡᠨ ᠮᠡᠳᠡᠭᠦᠯᠦᠯᠲᠡ ᠶᠢᠨ ᠶᠡᠷᠦᠩᠬᠡᠶ ᠬᠡᠮᠵᠢᠶᠡᠨ ᠤ 30.93% ᠶᠢ ᠡᠵᠡᠯᠡᠪᠡ᠃ ᠢᠯᠡᠴᠢᠯᠡᠨ ᠮᠡᠳᠡᠭᠦᠯᠦᠭᠰᠡᠨ ᠭᠤᠤᠯ ᠠᠰᠠᠭᠤᠳᠠᠯ ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ ᠡᠵᠡᠩᠨᠡᠯᠲᠡ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠭᠰᠡᠨ ᠦᠢᠯᠡᠴᠢᠯᠡᠭᠡ ᠨᠢ ᠭᠤᠤᠯᠳᠠᠭᠤ ᠵᠢᠵᠢᠭᠯᠡᠨ ᠬᠤᠳᠠᠯᠳᠤᠬᠤ ᠦᠢᠯᠡᠴᠢᠯᠡᠭᠡ᠂ ᠡᠮᠨᠡᠯᠭᠡ ᠶᠢᠨ ᠬᠤᠷᠢᠶᠠᠨ ᠤ ᠦᠢᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ᠂ ᠬᠢᠯᠢ ᠶᠢᠨ ᠳᠣᠲᠣᠷᠠᠬᠢ ᠵᠢᠭᠤᠯᠴᠢᠯᠠᠯ᠂ ᠳᠦᠷᠢ ᠲᠥᠷᠬᠦ ᠶᠢᠨ ᠦᠢᠯᠡᠴᠢᠯᠡᠭᠡ᠂ ᠢᠨᠲ᠋ᠧᠷ ᠰᠦᠯᠵᠢᠶᠡᠨ ᠤ ᠰᠢᠭᠤᠳ ᠪᠣᠷᠣᠯᠠᠭᠤᠯᠬᠤ ᠦᠢᠯᠡᠴᠢᠯᠡᠭᠡ᠂ ᠲᠤᠭᠤᠷᠢᠵᠤ ᠵᠤᠭᠠᠴᠠᠬᠤ ᠦᠢᠯᠡᠴᠢᠯᠡᠭᠡ ᠵᠡᠷᠭᠡ ᠳᠤ ᠬᠤᠯᠪᠣᠭᠳᠠᠵᠤ᠂ ᠭᠤᠤᠯ ᠠᠰᠠᠭᠤᠳᠠᠯ ᠨᠢ ᠦᠨᠡᠮᠯᠡᠯ ᠥᠬᠡᠶ ᠡᠵᠡᠩᠨᠡᠯᠲᠡ᠂ ᠬᠤᠳᠠᠯ ᠬᠠᠭᠤᠷᠮᠠᠭ ᠵᠠᠷ ᠮᠡᠳᠡᠭᠡᠨ ᠤ ᠤᠬᠠᠭᠤᠯᠭ᠎ᠠ᠂ ᠦᠢᠯᠡᠴᠢᠯᠡᠭᠡᠨ ᠤ ᠶᠠᠰᠤ ᠴᠢᠨᠠᠷ ᠮᠠᠭᠤ ᠪᠠ ᠬᠡᠷᠡᠭᠯᠡᠭᠴᠢᠳ ᠢ ᠮᠡᠬᠡᠯᠡᠭᠰᠡᠨ ᠠᠵᠢᠯᠯᠠᠭ᠎ᠠ ᠪᠣᠯᠤᠨ᠎ᠠ᠃

    ᠳᠥᠷᠪᠡ᠂ ᠠᠰᠠᠭᠤᠨ ᠯᠠᠪᠯᠠᠯᠲᠠ ᠶᠢᠨ ᠪᠠᠶᠢᠳᠠᠯ ᠤᠨ ᠲᠤᠭ᠎ᠠ ᠪᠠᠷᠢᠮᠲᠠ ᠶᠢᠨ ᠪᠦᠷᠢᠳᠬᠡᠯ

    8 ᠳ᠋ᠤᠭᠠᠷ ᠰᠠᠷ᠎ᠠ ᠳᠤ 17265 ᠬᠤᠪᠢ ᠠᠰᠠᠭᠤᠨ ᠯᠠᠪᠯᠠᠯᠲᠠ ᠶᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ ᠪᠠᠨ 3.73% ᠪᠠᠷ ᠪᠠᠭᠠᠰᠴᠤ᠂ ᠡᠭᠦᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠬᠤᠯᠪᠣᠭᠳᠠᠭᠰᠠᠨ 1970 ᠬᠤᠪᠢ ᠠᠰᠠᠭᠤᠳᠠᠯ ᠢ ᠰᠢᠢᠳᠪᠦᠷᠢᠯᠡᠵᠦ᠂ ᠠᠰᠠᠭᠤᠨ ᠯᠠᠪᠯᠠᠯᠲᠠ ᠶᠢᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠨᠢ ᠲᠤᠰ ᠲᠠᠰᠤ᠄ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠰᠢᠢᠳᠪᠦᠷᠢᠯᠡᠭᠰᠡᠨ 876 ᠬᠤᠪᠢ᠂ ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ 162 ᠬᠤᠪᠢ᠂ ᠦᠢᠯᠡᠳᠬᠦᠨ ︵ᠲᠠᠸᠠᠷ︶ ᠤᠨ ᠶᠠᠰᠤ ᠴᠢᠨᠠᠷ ᠤᠨ 85 ᠬᠤᠪᠢ᠂ ᠦᠢᠯᠡᠴᠢᠯᠡᠭᠡᠨ ᠤ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ ᠶᠢᠨ 42 ᠬᠤᠪᠢ᠂ ᠢᠳᠡᠭᠡᠨ ᠤ ᠬᠢᠨᠠᠯᠲᠠ ᠬᠠᠮᠢᠶᠠᠷᠤᠯᠲᠠ ᠶᠢᠨ 38 ᠬᠤᠪᠢ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ 19 ᠬᠤᠪᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠭᠤᠯᠤᠯᠲᠠ 17 ᠬᠤᠪᠢ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ 10 ᠬᠤᠪᠢ ᠵᠡᠷᠭᠡ ᠪᠠᠶᠢᠵᠤ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠮᠡᠳᠡᠯᠭᠡ 5541 ᠬᠤᠪᠢ ᠪᠣᠶ᠃ ᠪᠤᠰᠤᠳ ᠰᠠᠯᠠᠭ᠎ᠠ ᠮᠥᠴᠢᠷ ᠤᠨ ᠠᠰᠠᠭᠤᠨ ᠯᠠᠪᠯᠠᠯᠲᠠ ᠳᠤ ᠬᠤᠯᠪᠣᠭᠳᠠᠭᠰᠠᠨ ᠭᠤᠤᠯᠳᠠᠭᠤ ᠡᠷᠡᠭᠦᠯ ᠬᠠᠮᠠᠭᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ᠂ ᠰᠢᠤᠳᠠᠨ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠠᠳᠠᠯ    ᠠᠬᠤᠶ᠂ ᠭᠡᠷ ᠬᠥᠷᠥᠩᠭᠡ ᠵᠡᠷᠭᠡ ᠪᠠᠶᠢᠪᠠ᠃

    ᠲᠠᠶᠢᠯᠪᠤᠷᠢ᠄ ᠳᠣᠰ ᠮᠠᠲᠠᠭᠦᠯᠣᠯᠲᠠ ᠶᠢᠨ ᠳᠤᠭ᠎ᠠ ᠪᠠᠷᠢᠮᠲᠠ ᠪᠦᠭᠦ ᠤᠯᠤᠰ ᠤᠨ 12315 ᠲᠠᠪᠴᠠᠩ ᠠᠴᠠ ᠢᠷᠠᠯᠲᠠ ᠲᠠᠢ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
Baidu
map