| 6 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠤᠨ ᠴᠠᠬᠢᠯᠭᠠᠨ ᠬᠡᠷᠡᠭᠰᠡᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠪᠠ᠃ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ᠂ | ᠬᠤᠯᠪᠣᠭᠳᠠᠯ ᠪᠥᠬᠦᠶ ᠨᠡᠶᠢᠭᠡᠮᠯᠢᠭ ᠪᠣᠯᠤᠨ ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ | ᠲᠥᠯᠥᠭᠡᠯᠡᠭᠴᠢ ᠵᠡᠷᠭᠡ 60 ᠭᠠᠷᠤᠶ ᠬᠥᠮᠦᠨ ᠬᠤᠷᠠᠯ ᠳᠤ ᠣᠷᠣᠯᠴᠠᠵᠠᠶ᠃ | | | | | | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ︽ | ᠬᠡᠷᠡᠭᠵᠢᠭᠦᠯᠬᠦ ᠲᠥᠰᠦᠯ︾ ᠳᠤ ᠲᠣᠳᠣᠷᠬᠠᠶᠢᠯᠠᠭᠰᠠᠨ ᠨᠥᠬᠦᠪᠥᠷᠢ ᠣᠯᠭᠤᠬᠤ ᠡᠲᠡᠭᠡᠳ᠂ ᠨᠥᠬᠦᠪᠥᠷᠢ ᠥᠭᠬᠦ | ᠬᠡᠪᠴᠢᠶ᠎ᠡ᠂ ᠨᠥᠬᠦᠪᠥᠷᠢ ᠥᠭᠬᠦ ᠴᠠᠭ ᠵᠢᠴᠢ ᠪᠠᠷᠢᠮᠵᠢᠶ᠎ᠠ᠂ ᠨᠥᠬᠦᠪᠥᠷᠢ ᠥᠭᠬᠦ ᠲᠡᠮᠳᠡᠭᠲᠦ ᠲᠠᠷᠬᠠᠭᠠᠬᠤ ᠶᠢ ᠬᠡᠷᠡᠭᠯᠡᠬᠦ | ᠶᠠᠪᠤᠴᠠ᠂ ᠬᠢᠨᠠᠯᠲᠠ ᠬᠠᠮᠢᠶᠠᠷᠤᠯᠲᠠ ᠵᠡᠷᠭᠡ ᠠᠭᠤᠯᠭ᠎ᠠ ᠶᠢᠨ ᠲᠤᠬᠠᠶ ᠭᠦᠢᠴᠡᠳ ᠲᠠᠶᠢᠯᠤᠮᠵᠢ ᠬᠢᠵᠦ᠂ ᠠᠶᠢᠮᠠᠭ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ᠂ ᠬᠤᠯᠪᠣᠭᠳᠠᠯ ᠪᠥᠬᠦᠶ ᠨᠡᠶᠢᠭᠡᠮᠯᠢᠭ ᠪᠣᠯᠤᠨ ᠠᠵᠤ | ᠠᠬᠤᠶᠢᠯᠠᠯ ᠤᠨ ᠲᠥᠯᠥᠭᠡᠯᠡᠭᠴᠢ ᠠᠴᠠ ︽ᠬᠡᠷᠡᠭᠵᠢᠭᠦᠯᠬᠦ ᠲᠥᠰᠦᠯ︾ ᠤᠨ ᠲᠤᠬᠠᠶ ᠭᠦᠢᠴᠡᠳ ᠰᠣᠯᠢᠯᠴᠠᠨ | ᠶᠠᠷᠢᠯᠴᠠᠵᠤ᠂ ᠡᠯ᠎ᠡ ᠠᠶᠢᠮᠠᠭ ᠬᠤᠲᠠ ᠶᠢᠨ ᠲᠠᠷᠠᠭᠠᠴᠢ ᠶᠢᠨ ᠠᠯᠬᠤᠮ ᠤᠨ ᠠᠵᠢᠯ ᠢᠶᠠᠨ ᠥᠷᠨᠢᠭᠦᠯᠬᠦ ᠳᠤ ᠪᠣᠳᠠᠲᠠᠶ | ᠰᠡᠳᠬᠢᠮᠵᠢ ᠬᠠᠩᠭᠠᠪᠠ᠃ | ᠬᠤᠷᠠᠯ ᠠᠴᠠ᠂ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠯᠪᠣᠭᠳᠠᠯ ᠪᠥᠬᠦᠶ | ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠤᠨ ᠶᠠᠪᠤᠴᠠ ᠪᠠᠨ ᠨᠠᠷᠢᠯᠢᠬᠵᠢᠭᠤᠯᠵᠤ᠂ ᠪᠣᠳᠠᠲᠠᠶ ᠲᠥᠰᠦᠯ ᠲᠣᠭᠲᠠᠭᠠᠨ᠂ | ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠵᠤ᠂ ᠴᠠᠭ ᠲᠤᠬᠠᠶ ᠳᠤᠨᠢ ᠨᠡᠶᠢᠭᠡᠮ ᠳᠤ ᠠᠯᠪᠠᠨ ᠵᠠᠷ ᠨᠡᠶᠢᠲᠡᠯᠡᠵᠦ᠂ | ᠣᠯᠠᠨ ᠨᠡᠶᠢᠲᠡ ᠶᠢᠨ ᠬᠦᠰᠡᠯ ᠱᠠᠭᠠᠷᠳᠠᠯᠭ᠎ᠠ ᠳᠤ ᠬᠠᠷᠢᠭᠤ ᠥᠭᠴᠦ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ | ᠥᠷᠭᠡᠨ ᠣᠯᠠᠨ ᠬᠡᠷᠡᠭᠯᠡᠭᠴᠢᠳ ᠤᠨ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ | ᠠᠵᠢᠯᠯᠠᠭ᠎ᠠ ᠳᠤ ᠣᠷᠣᠯᠴᠠᠬᠤ ᠳᠤ ᠲᠥᠬᠦᠮ ᠦᠵᠡᠭᠦᠯᠵᠦ᠂ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ | ᠣᠷᠴᠢᠯ ᠢ ᠤᠯᠠᠮ ᠨᠢᠭᠡ ᠠᠯᠬᠤᠮ ᠰᠢᠯᠤᠭᠤᠳᠬᠠᠬᠤ ᠬᠡᠷᠡᠭᠲᠡᠶ ᠭᠡᠵᠦ ᠱᠠᠭᠠᠷᠳᠠᠵᠠᠢ᠃ | |