ᠬᠡᠷᠡᠭᠯᠡᠬᠦ ᠬᠦᠷᠢᠶ᠎ᠡ ᠬᠡᠪᠴᠢᠶ᠎ᠡ᠄ ᠲᠤᠰ ᠵᠦᠭᠯᠡᠭᠦᠷ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠤ | ᠨᠢᠭᠡᠳᠦᠭᠡᠷ ᠳᠡᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠨᠠᠭᠴᠢ ᠶᠢᠨ ᠬᠢᠷᠢ ᠬᠡᠮ ᠤᠨ ᠭᠡᠷᠡᠴᠢᠯᠡᠭᠡ ᠶᠢᠨ | ᠭᠤᠶᠣᠴᠢᠯᠠᠯ ᠪᠠ ᠭᠦᠢᠴᠡᠳᠭᠡᠬᠦ ᠳᠤ ᠳᠣᠬᠢᠷᠠᠯᠴᠠᠨᠠ᠃ | ᠨᠤᠲᠠᠯᠠᠬᠤ ᠲᠥᠷᠥᠯ ᠵᠦᠢᠯ ᠤᠨ ᠨᠡᠷᠡᠶᠢᠳᠦᠯ᠄ ᠨᠢᠭᠡᠳᠦᠭᠡᠷ ᠳᠡᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ | ᠬᠢᠨᠠᠭᠴᠢ ᠶᠢᠨ ᠬᠢᠷᠢ ᠬᠡᠮ ᠤᠨ ᠬᠡᠷᠡᠴᠢᠯᠡᠭᠡ | ᠨᠤᠲᠠᠯᠠᠬᠤ ᠪᠠᠷᠢᠮᠲᠠ᠄ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ︽ᠪᠡᠶ᠎ᠡ ᠶᠢᠨ | ᠲᠠᠮᠢᠷ ᠤᠨ ᠬᠢᠨᠠᠭᠴᠢ ᠶᠢᠨ ᠬᠠᠮᠢᠶᠠᠷᠤᠯᠲᠠ ᠶᠢᠨ ᠠᠷᠭ᠎ᠠ︾ | ᠨᠤᠲᠠᠯᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ᠂ ᠠᠰᠠᠭᠤᠨ ᠯᠠᠪᠯᠠᠬᠤ ᠤᠲᠠᠰᠤ᠄ 0471-6396087 | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠷᠤᠯᠳᠤᠭᠠᠨ ᠤ | ᠪᠡᠶ᠎ᠡ ᠶᠢᠨ ᠲᠠᠮᠢᠷ ᠤᠨ ᠭᠠᠵᠠᠷ | ᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠳᠠᠪᠣᠨ ︵ᠬᠠᠣᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12᠄ 00᠂ 14᠄ 00 | ︱ 17᠄ 30 | ᠨᠤᠲᠠᠯᠠᠬᠤ ᠴᠠᠭ ᠤᠨ ᠬᠢᠵᠠᠭᠠᠷ ᠨᠢ᠄ 20 ᠠᠵᠢᠯ ᠤᠨ ᠡᠳᠦᠷ | ᠭᠦᠢᠴᠡᠳᠭᠡᠬᠦ ᠶᠠᠪᠣᠴᠠ | ᠨᠢᠭᠡ᠂ ᠬᠦᠯᠢᠶᠡᠨ ᠠᠪᠬᠤ | ᠭᠤᠶᠤᠴᠢᠯᠠᠯ ᠢ ᠣᠯᠤᠭᠰᠠᠨ ᠤ ᠳᠠᠷᠠᠭ᠎ᠠ ᠴᠠᠭ ᠲᠤᠬᠠᠶ ᠳᠤᠨᠢ ᠬᠦᠯᠢᠶᠡᠨ ᠠᠪᠬᠤ ᠡᠰᠡᠬᠦ ᠶᠢᠨ ᠰᠢᠢᠳᠪᠦᠷᠢ | ᠭᠠᠷᠭᠠᠬᠤ ᠬᠡᠷᠡᠭᠲᠡᠢ᠃ ᠭᠤᠶᠤᠴᠢᠯᠠᠬᠤ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠳᠤ ᠲᠣᠭᠲᠠᠭᠠᠭᠰᠠᠨ | ᠱᠠᠭᠠᠷᠳᠠᠯᠭ᠎ᠠ ᠳᠤ ᠨᠡᠶᠢᠴᠡᠭᠰᠡᠨ ᠦᠭᠡᠶ ᠪᠠᠶᠢᠪᠠᠯ᠂ ᠲᠡᠷᠡ ᠳᠣᠣᠷ᠎ᠠ ᠨᠢ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ | ᠪᠦᠬᠦ ᠠᠭᠤᠯᠭ᠎ᠠ ᠶᠢ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ | ᠬᠤᠶᠠᠷ᠂ ᠬᠢᠨᠠᠨ ᠪᠠᠶᠢᠴᠠᠭᠠᠬᠤ | ᠬᠤᠶᠠᠳᠤᠭᠠᠷ ᠳᠡᠰ ᠤᠨ ᠬᠢᠨᠠᠭᠴᠢ ᠪᠠᠷ ᠳᠠᠩᠰᠠᠯᠠᠭᠤᠯᠣᠬᠰᠡᠨ ᠡᠰᠡᠬᠦ︔ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠤᠨ ᠵᠣᠬᠢᠶᠠᠨ ᠪᠠᠶᠢᠭᠤᠯᠤᠭᠰᠠᠨ ᠬᠢᠨᠠᠭᠴᠢ ᠶᠢᠨ ᠰᠤᠷᠤᠯᠴᠠᠬᠤ ᠪᠣᠯᠪᠠᠰᠤᠷᠠᠯ ᠳᠤ ᠣᠷᠣᠯᠴᠠᠬᠰᠡᠨ ᠡᠰᠡᠬᠦ︔᠂ | ᠱᠠᠭᠠᠷᠳᠠᠯᠭ᠎ᠠ ᠶᠣᠰᠣᠭᠠᠷ ᠬᠢᠨᠠᠭᠴᠢ ᠶᠢᠨ ᠠᠵᠢᠯ ᠤᠨ ᠲᠤᠰᠢᠶᠠᠯ ᠢ ᠡᠭᠦᠷᠭᠡᠯᠡᠵᠦ ᠪᠠᠶᠢᠭ᠎ᠠ ᠡᠰᠡᠬᠦ᠃ | ᠭᠤᠷᠪᠠ᠂ ᠲᠠᠩᠰᠠᠯᠠᠨ ᠦᠨᠡᠮᠯᠡᠯ ᠣᠯᠭᠤᠬᠤ | ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠪᠦᠷᠢᠳᠬᠡᠨ ᠥᠭᠴᠦ᠂ ᠨᠢᠭᠡᠳᠦᠬᠡᠷ ᠳᠡᠰ ᠤᠨ | ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠨᠠᠭᠴᠢ ᠶᠢᠨ ᠬᠢᠷᠢ ᠬᠡᠮ ᠤᠨ ᠦᠨᠡᠮᠯᠡᠯ ᠣᠯᠭᠤᠬᠤ ᠬᠡᠷᠡᠭᠲᠡᠶ᠂ | ᠲᠣᠭᠲᠠᠭᠠᠭᠰᠠᠨ ᠱᠠᠭᠠᠷᠳᠠᠯᠭ᠎ᠠ ᠳᠤ ᠤᠢᠯᠦ ᠨᠡᠶᠢᠴᠡᠬᠦ ᠪᠣᠯ ᠲᠡᠩᠰᠡᠯᠡᠵᠦ ᠥᠭᠬᠦ ᠤᠢᠭᠡᠢ ᠪᠠᠶᠢᠵᠦ᠂ ᠲᠣᠳᠣᠷᠬᠠᠶᠢᠯᠠᠯᠲᠠ | ᠬᠢᠨ᠎ᠡ᠃ | ᠳᠦᠷᠪᠠ᠂ ᠵᠠᠷᠯᠠᠬᠤ | ᠨᠡᠶᠢᠭᠡᠮ ᠨᠡᠶᠢᠲᠡ ᠳᠤ ᠨᠤᠲᠠᠯᠠᠨ ᠵᠦᠪᠰᠢᠶᠡᠷᠡᠭᠰᠡᠨ ᠨᠡᠷᠡᠰ ᠢ ᠨᠡᠶᠢᠳᠡᠯᠡᠨ᠎ᠡ᠃ | ᠬᠢᠨᠠᠯᠲᠠ ᠲᠠᠯᠪᠢᠬᠤ ᠪᠠ ᠵᠠᠭᠠᠯᠳᠤᠬᠤ᠄ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ | ᠪᠠᠶᠢᠭᠤᠯᠭ᠎ᠠ ᠶᠢᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠪᠠᠶᠢᠨ᠎ᠠ | ᠭᠡᠵᠦ ᠦᠵᠡᠪᠡᠯ᠂ ᠲᠤᠰ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397442᠂ | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 86 | ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ᠂ ᠰᠢᠦᠳᠠᠨ ᠳ᠋ᠤᠭᠠᠷ᠄ 010030᠃ ᠵᠠᠭᠠᠯᠳᠤᠯᠭ᠎ᠠ ᠶᠢ | ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠳᠠᠪᠣᠨ᠂ ᠬᠠᠤᠯᠢ ᠪᠠᠷ ᠲᠣᠭᠲᠠᠭᠠᠭᠰᠠᠨ ᠪᠠᠶᠠᠷ ᠤᠨ | ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ | ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ | ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠵᠦ ᠪᠣᠯᠤᠨ᠎ᠠ᠃ |