| ᠮᠤᠩᠭᠤᠯ ᠰᠢᠳᠠᠷ᠎ᠠ ᠤᠷᠤᠯᠳᠤᠨ᠎ᠠ | ᠤᠯᠤᠰ ᠤᠨ ᠥᠨᠳᠤᠰᠤᠳᠠᠨ ᠤ ᠭᠡᠷᠡᠭ ᠡᠷᠬᠢᠯᠡᠬᠦ ᠵᠥᠪᠯᠡᠯ ᠤᠨ ︽ᠴᠥᠬᠡᠨ ᠲᠤᠭᠠᠳᠤ ᠥᠨᠳᠤᠰᠤᠳᠠᠨ ᠤ | ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯᠢ ᠤᠯᠠᠮ ᠨᠢᠬᠡ ᠠᠯᠬᠤᠮ ᠴᠢᠩᠭᠠᠳᠬᠠᠬᠤ ᠲᠤᠬᠠᠢ ᠵᠢᠯᠥᠭᠤᠳᠬᠤ ᠰᠠᠨᠠᠯ︾ | ᠢ ᠬᠥᠨᠵᠡᠬᠡᠢ ᠲᠤᠭᠤᠰᠢᠯᠠᠭᠤᠯᠬᠤ ᠶᠢᠨ ᠲᠥᠯᠥᠭᠡ᠂ ᠲᠥᠷᠥᠬᠦᠬᠡᠨ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ | ᠲᠠᠮᠢᠷ ᠤᠨ ᠲᠤᠪᠴᠢᠶ᠎ᠠ ᠪᠠ ᠥᠪᠡᠷᠳᠡᠭᠡᠨ ᠵᠠᠰᠠᠬᠤ ᠤᠷᠤᠨ ᠤ ᠥᠨᠳᠤᠰᠤᠳᠠᠨ ᠤ ᠭᠡᠷᠡᠭ ᠡᠷᠬᠢᠯᠡᠬᠦ ᠵᠥᠪᠯᠡᠯ ᠬᠠᠮᠳᠤᠷᠠᠨ | ︽ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯ ᠢ ᠤᠯᠠᠮ ᠨᠢᠬᠡ ᠠᠯᠬᠤᠮ | ᠴᠢᠩᠭᠠᠳᠬᠠᠬᠤ ᠲᠤᠬᠠᠢ ᠭᠡᠷᠡᠭᠵᠢᠬᠦᠯᠬᠦ ᠰᠠᠨᠠᠯ︾ ᠢ ᠨᠡᠶᠢᠳᠠᠯᠠᠪᠠ᠃ ᠡᠨᠡ ᠨᠢ᠂ ᠮᠠᠨ ᠤ ᠤᠷᠤᠨ ᠤ ᠴᠥᠭᠡᠨ ᠲᠤᠭᠠᠳᠤ | ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠬᠥᠭᠵᠢᠯᠳᠠ ᠶᠢᠨ ᠰᠢᠨ᠎ᠠ ᠠᠵᠠ ᠲᠤᠬᠢᠶᠠᠯ ᠢᠶᠠᠨ ᠤᠬᠳᠤᠬᠰᠠᠨ ᠢ | ᠬᠠᠷᠠᠭᠤᠯᠵᠥ ᠪᠤᠢ᠃ | ᠭᠡᠷᠡᠭᠵᠢᠬᠦᠯᠬᠦ ᠰᠠᠨᠠᠯ ᠳᠤ᠂ 2025 ᠤᠨ ᠪᠤᠯᠳᠠᠯ᠎ᠠ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ | ᠪᠡᠶ᠎ᠠ ᠶᠢᠨ ᠲᠠᠮᠢᠷ ᠤᠨ ᠪᠥᠬᠦ ᠤᠷᠤᠨ ᠳᠠᠬᠢ ᠲᠥᠭᠡᠮᠡᠯᠵᠢᠬᠦᠯᠥᠯᠳᠠ ᠶᠢᠨ ᠬᠡᠮᠵᠢᠶ᠎ᠠ ᠶᠢ ᠤᠯᠠᠮ ᠨᠢᠬᠡ ᠠᠯᠬᠤᠮ ᠲᠡᠰ | ᠲᠡᠪᠰᠢᠬᠦᠯᠵᠥ᠂ ᠨᠢᠬᠡ ᠪᠥᠯᠥᠭ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠭᠤᠤᠯᠯᠠᠬᠴᠢ ᠡᠩᠨᠡᠭᠡ ᠶᠢ ᠬᠥᠮᠥᠵᠢᠬᠦᠯᠵᠥ᠂ ᠨᠢᠭᠡ ᠪᠥᠯᠥᠭ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ | ᠪᠡᠶ᠎ᠠ ᠶᠢᠨ ᠲᠠᠮᠢᠷ ᠤᠨ ᠵᠢᠱᠢᠶ᠎ᠠ ᠥᠵᠡᠬᠦᠯᠬᠦ ᠰᠠᠭᠤᠷᠢᠨ ᠢ ᠪᠠᠶᠢᠭᠤᠯᠤᠨ᠂ ᠨᠢᠭᠡ ᠪᠥᠯᠥᠭ ᠴᠥᠬᠡᠨ ᠲᠤᠭᠠᠳᠤ | ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠲᠥᠷᠥᠯ ᠲᠡᠮᠳᠡᠭᠳᠤ ᠤᠷᠤᠯᠳᠤᠭᠠᠨ ᠤ ᠠᠵᠢᠯᠯᠠᠭ᠎ᠠ ᠶᠢ ᠪᠤᠢ | ᠪᠤᠯᠭᠠᠵᠥ᠂ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠤᠶᠤᠯ ᠤᠨ ᠠᠭᠤᠷ | ᠠᠮᠢᠰᠬᠤᠯ ᠢ ᠡᠳᠤᠷ ᠢᠷᠡᠬᠦᠶ᠎ᠠ ᠥᠳᠭᠡᠷᠡᠬᠦᠯᠵᠥ᠂ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ | ᠲᠠᠮᠢᠷ ᠤᠨ ᠥᠷᠢᠰᠥᠯᠳᠥᠭᠡᠨᠳᠤ ᠤᠷᠤᠯᠳᠤᠭᠠᠨ ᠤ ᠲᠥᠪᠰᠢᠨ ᠢ ᠴᠢᠨᠠᠬᠰᠢᠳᠠ ᠲᠡᠰ ᠲᠡᠪᠰᠢᠬᠦᠯᠵᠥ᠂ ᠴᠥᠬᠡᠨ ᠲᠤᠭᠠᠳᠤ | ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠤ ᠥᠢᠯᠡᠰ ᠢ ᠲᠤᠬᠳᠠᠭᠤᠨ ᠬᠥᠭᠵᠢᠬᠦᠯᠵᠥ᠂ | ᠥᠨᠳᠤᠰᠤᠳᠠᠨ ᠤ ᠪᠥᠯᠬᠦᠮᠳᠠᠯ ᠢ ᠠᠬᠢᠭᠤᠯᠬᠤ᠂ ᠥᠵᠡᠰᠬᠦᠯᠡᠩᠳᠤ ᠰᠠᠶᠢᠬᠠᠨ ᠥᠪᠥᠷ ᠮᠤᠩᠭᠤᠯ ᠢ ᠪᠥᠳᠥᠭᠡᠨ | ᠪᠠᠶᠢᠭᠤᠯᠬᠤ ᠳᠤ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠢ ᠥᠪᠥᠷ ᠮᠤᠩᠭᠤᠯ ᠤᠨ | ᠴᠢᠬᠤᠯᠠ ᠰᠤᠶᠤᠯ ᠤᠨ ᠨᠡᠷᠡᠳᠤ ᠲᠡᠮᠳᠡᠭ ᠪᠤᠯᠭᠠᠬᠤ ᠭᠡᠷᠡᠭᠳᠠᠢ ᠬᠡᠵᠡᠢ᠃ | | ᠠᠪᠤᠷᠭᠤ ᠶᠢᠨ ᠦᠵᠡᠯᠴᠡᠬᠡᠨ | ᠥᠢᠯᠠᠭᠠᠬᠰᠠᠨ ᠢᠶᠠᠷ᠂ ᠲᠤᠰ ᠭᠡᠷᠡᠭᠵᠢᠬᠦᠯᠬᠦ ᠰᠠᠨᠠᠯ ᠤᠨ ᠲᠤᠬᠳᠠᠬᠰᠠᠨ ᠭᠤᠤᠯ ᠡᠬᠦᠷᠭᠡ ᠳᠤ ᠮᠠᠨ ᠤ ᠤᠷᠤᠨ ᠤ | ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠭᠵᠢᠯᠳᠠ ᠳᠤ ᠲᠤᠩ ᠤᠯᠠᠨ ᠪᠤᠳᠠᠳᠠᠢ | ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ ᠨᠠᠷᠢᠨ ᠪᠠᠶᠢᠷᠢᠯᠠᠭᠤᠯᠤᠯᠳᠠ ᠶᠢ ᠲᠤᠤᠷ᠎ᠠ ᠬᠤᠷᠢᠶᠠᠩᠭᠤᠢᠢᠯᠠᠨ ᠲᠡᠯᠭᠡᠪᠡᠯ᠄ | — ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠢ ᠨᠢᠬᠡᠳᠤᠯᠳᠠᠢ | ᠲᠥᠯᠥᠪᠵᠢᠬᠦᠯᠬᠦ ᠶᠢ ᠴᠢᠩᠭᠠᠳᠬᠠᠨ᠎ᠠ᠃ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠰᠠᠭᠤᠷᠢ ᠡᠬᠦᠷᠭᠡ ᠴᠢᠳᠠᠪᠬᠢ ᠪᠠ ᠬᠠᠷᠠᠯᠳᠠᠳᠤ ᠬᠥᠭᠵᠢᠯᠳᠠ ᠶᠢᠨ ᠲᠤᠭᠤᠷᠢᠨ ᠳᠤ᠂ ᠴᠥᠬᠡᠨ ᠲᠤᠭᠠᠳᠤ | ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯ ᠥᠢᠯᠡᠰ ᠤᠨ ᠬᠥᠭᠵᠢᠯᠳᠠ ᠶᠢ ᠠᠶᠢᠮᠠᠬ | ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠬ︶ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ | ᠤᠨ ᠬᠥᠭᠵᠢᠯᠳᠠ ᠶᠢᠨ ᠶᠠᠷᠥᠩᠭᠡᠢ ᠲᠥᠯᠥᠪᠵᠢᠬᠦᠯᠭᠡ ᠳᠤ ᠤᠷᠤᠭᠤᠯᠤᠨ᠎ᠠ︔ ᠠᠶᠢᠮᠠᠬ ᠬᠤᠳᠠ᠂ ᠬᠤᠰᠢᠭᠤ | ᠰᠢᠶᠠᠨ ︵ᠬᠤᠳᠠ᠂ ᠲᠤᠭᠤᠷᠢᠬ︶ ᠤ ᠪᠡᠶ᠎ᠠ ᠶᠢᠨ ᠲᠠᠮᠢᠷ᠂ ᠥᠨᠳᠤᠰᠤᠳᠠᠨ ᠤ ᠠᠵᠢᠯ ᠤᠨ ᠰᠠᠯᠠᠭ᠎ᠠ ᠮᠥᠴᠢᠷ ᠡᠬᠦᠷᠭᠡ | ᠬᠠᠷᠢᠭᠤᠴᠠᠯᠭ᠎ᠠ ᠪᠠᠨ ᠥᠨᠡᠨ ᠬᠦ ᠰᠠᠶᠢᠳᠤᠷ ᠬᠥᠢᠴᠡᠳᠭᠡᠵᠥ᠂ ᠨᠢᠬᠡᠳᠤᠯᠳᠠᠢ ᠲᠤᠬᠢᠷᠠᠭᠤᠯᠤᠯᠳᠠ ᠬᠢᠵᠥ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠬᠦᠯᠵᠥ᠂ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠠᠵᠢᠯ ᠥᠢᠯᠠᠰ ᠤᠨ ᠬᠥᠭᠵᠢᠯᠳᠠ ᠶᠢᠨ ᠤᠷᠳᠤ ᠬᠤᠭᠤᠴᠠᠭᠠᠨ ᠤ ᠲᠥᠯᠥᠪᠵᠢᠬᠦᠯᠬᠡ ᠶᠢ ᠲᠤᠬᠳᠠᠭᠠᠨ | ᠭᠡᠷᠡᠭᠵᠢᠬᠦᠯᠤᠨ᠎ᠠ᠃ | — ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠠᠭᠤᠷᠢ ᠴᠢᠨᠠᠷᠳᠠᠢ | ᠰᠤᠳᠤᠯᠭᠠᠨ ᠪᠠ ᠭᠡᠷᠡᠭᠯᠠᠯᠳᠠ ᠶᠢᠨ ᠴᠢᠨᠠᠷᠳᠠᠢ ᠰᠤᠳᠤᠯᠭᠠᠨ ᠢ ᠴᠢᠩᠭᠠᠳᠬᠠᠨ᠎ᠠ᠃ ᠡᠯ᠎ᠠ ᠱᠠᠳᠤᠨ ᠤ ᠪᠡᠶ᠎ᠠ ᠶᠢᠨ ᠲᠠᠮᠢᠷ᠂ | ᠥᠨᠳᠤᠰᠤᠳᠠᠨ ᠤ ᠠᠵᠢᠯ ᠤᠨ ᠰᠠᠯᠠᠭ᠎ᠠ ᠮᠥᠴᠢᠷ ᠲᠤᠰᠬᠠᠢ ᠲᠥᠷᠥᠯ ᠤᠨ ᠵᠠᠷᠤᠳᠠᠯ ᠮᠥᠡᠭᠭᠦ ᠶᠢ ᠲᠤᠬᠢᠷᠠᠭᠤᠯᠤᠨ᠂ | ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠲᠥᠷᠤᠯ ᠵᠦᠢᠯ ᠢ ᠠᠭᠤᠳᠠᠯᠬᠤ᠂ | ᠡᠮᠬᠢᠳᠭᠡᠬᠦ᠂ ᠤᠷᠴᠢᠭᠤᠯᠬᠤ᠂ ᠬᠡᠪᠯᠡᠬᠦ ᠪᠠ ᠰᠤᠳᠤᠯᠬᠤ ᠶᠢ ᠲᠡᠮᠵᠢᠵᠥ᠂ ᠤᠰᠠᠳᠤᠮᠠᠷ ᠪᠤᠯᠤᠬᠰᠠᠨ ᠤᠯᠠᠮᠵᠢᠯᠠᠯᠳᠤ | ᠪᠡᠶ᠎ᠠ ᠶᠢᠨ ᠲᠠᠮᠢᠷ ᠤᠨ ᠲᠥᠷᠥᠯ ᠵᠦᠢᠯ ᠳᠤ ᠠᠪᠤᠷᠠᠯᠳᠠ ᠬᠢᠵᠥ᠂ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ | ᠪᠡᠶ᠎ᠠ ᠶᠢᠨ ᠲᠠᠮᠢᠷ ᠤᠨ ᠤᠨᠤᠯ ᠤᠨ ᠰᠤᠳᠤᠯᠤᠯ ᠢ ᠪᠡᠶ᠎ᠠ ᠶᠢᠨ ᠲᠠᠮᠢᠷ ᠨᠡᠶᠢᠭᠡᠮ ᠤᠨ ᠰᠢᠨᠵᠢᠯᠡᠬᠦ ᠤᠬᠠᠭᠠᠨ ᠤ | ᠰᠤᠳᠤᠯᠤᠯ ᠳᠤ ᠲᠤᠭᠠᠴᠠᠨ ᠤᠷᠤᠭᠤᠯᠵᠥ᠂ ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠤᠶᠤᠨᠴᠢ | ᠬᠥᠮᠥᠷᠭᠡ ᠶᠢ ᠪᠠᠶᠢᠭᠤᠯᠬᠤ ᠶᠢ ᠲᠠᠮᠵᠢᠬᠦ ᠬᠥᠷᠢᠶ᠎ᠠ ᠬᠡᠪᠴᠢᠶᠠᠨ ᠳᠤ ᠤᠷᠤᠭᠤᠯᠵᠥ᠂ ᠴᠥᠬᠡᠨ ᠲᠤᠭᠠᠳᠤ | ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠢᠨᠵᠢᠯᠡᠬᠦ ᠤᠬᠠᠭᠠᠨᠴᠢ ᠬᠥᠭᠵᠢᠯᠳᠠ ᠶᠢ ᠬᠥᠳᠥᠯᠥᠡ | ᠵᠢᠯᠥᠭᠤᠳᠤᠨᠠ᠃ | — ᠴᠥᠭᠡᠨ ᠲᠤᠭᠠᠳᠤ ᠥᠨᠳᠤᠰᠤᠳᠠᠨ ᠤ ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ︽ᠵᠢᠷᠭᠤᠭᠠᠨ | ᠢᠨᠵᠧᠨᠧᠷᠢᠩ︾ ᠢ ᠭᠡᠷᠡᠭᠵᠢᠬᠦᠯᠥᠨ᠎ᠠ᠃ ᠴᠥᠭᠡᠨ ᠲᠤᠭᠠᠳᠤ ᠥᠨᠳᠤᠰᠤᠳᠠᠨ ᠤ ᠪᠥᠬᠦ ᠠᠷᠠᠳ ᠤᠨ ᠪᠡᠶ᠎ᠠ ᠪᠠᠨ | ᠴᠢᠬᠢᠷᠠᠬᠵᠢᠭᠤᠯᠬᠤ ᠥᠨᠳᠤᠰᠤᠨ ᠤᠯᠠᠨ ᠨᠠᠶᠢᠳᠠ ᠶᠢᠨ ᠥᠢᠯᠡᠴᠢᠯᠡᠬᠡᠨ ᠤ ᠲᠥᠪᠰᠢᠨ ᠢ ᠲᠡᠭᠡᠭᠰᠢᠯᠡᠬᠦᠯᠵᠥ᠂ ᠪᠥᠬᠦ | ᠤᠷᠤᠨ ᠤ ᠥᠨᠳᠤᠰᠤᠳᠠᠨ ᠨᠦᠭᠦᠳ ᠤᠨ ᠠᠷᠠᠳ ᠲᠥᠮᠡᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ | ᠪᠡᠶ᠎ᠠ ᠶᠢᠨ ᠲᠠᠮᠢᠷ ᠢᠶᠠᠷ ᠪᠡᠶ᠎ᠠ ᠪᠠᠨ ᠴᠢᠬᠢᠷᠠᠬᠵᠢᠭᠤᠯᠬᠤ ᠭᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠨ᠎ᠠ᠃ ᠤᠯᠠᠨ ᠲᠥᠮᠡᠨ ᠤ | ᠪᠡᠶᠡᠷ ᠪᠠᠶᠠᠰᠬᠤᠯᠠᠩᠳᠠᠢ ᠪᠠᠷ ᠤᠷᠤᠯᠴᠠᠬᠤ ᠳᠤ ᠲᠥᠬᠦᠮ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠲᠥᠷᠥᠯ ᠵᠦᠢᠯ ᠤᠨ ᠤᠷᠤᠯᠳᠤᠭᠠᠨ ᠢ ᠥᠷᠭᠡᠨ ᠢᠶᠠᠷ ᠥᠷᠨᠢᠬᠦᠯᠤᠨᠠ᠃ ᠴᠥᠭᠡᠨ ᠲᠤᠭᠠᠳᠤ ᠥᠨᠳᠤᠰᠤᠳᠠᠨ ᠤ | ᠤᠯᠠᠮᠵᠢᠯᠠᠯᠳᠤ ᠪᠡᠶ᠎ᠠ ᠶᠢᠨ ᠲᠠᠮᠢᠷ ᠤᠨ ᠨᠡᠶᠢᠭᠡᠮ ᠤᠨ ᠪᠡᠶ᠎ᠠ ᠶᠢᠨ ᠲᠠᠮᠢᠷ ᠤᠨ ᠵᠢᠭᠠᠨ ᠵᠢᠯᠥᠭᠤᠳᠤᠬᠴᠢ ᠶᠢᠨ ᠡᠩᠨᠡᠭᠡ ᠶᠢᠨ | ᠪᠠᠶᠢᠭᠤᠯᠤᠯᠳᠠ ᠶᠢᠨ ᠡᠷᠴᠢᠮ ᠢ ᠴᠢᠩᠭᠠᠳᠬᠠᠨ᠎ᠠ᠃ | — ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠷᠤᠯᠳᠤᠭᠠᠨ ᠢ ᠰᠠᠶᠢᠳᠤᠷ | ᠦᠷᠨᠢᠭᠦᠯᠦᠨ᠎ᠡ᠃ ᠪᠥᠬᠦ ᠤᠷᠤᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠬᠥᠳᠡᠯᠭᠡᠭᠡᠨ ᠤ ᠵᠤᠬᠢᠶᠠᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠥᠬᠡᠷᠡᠴᠢᠯᠠᠯᠳᠠ ᠶᠢ ᠲᠡᠬᠦᠯᠳᠡᠷᠵᠢᠬᠦᠯᠵᠥ᠂ ᠪᠥᠬᠦ | ᠤᠷᠤᠨ ᠤ ᠴᠢᠨᠠᠷᠳᠠᠢ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠷᠤᠯᠳᠤᠭᠠᠨ ᠤ | ᠵᠢᠱᠢᠶ᠎ᠠ ᠥᠵᠡᠬᠦᠯᠬᠦ ᠥᠢᠯᠡᠳᠥᠯ ᠢ ᠪᠠᠳᠠᠷᠠᠭᠤᠯᠤᠨ᠎ᠠ᠃ | — ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠷᠤᠯᠳᠤᠭᠠᠨ ᠢ ᠪᠠᠬᠢᠵᠢᠭᠦᠯᠥᠭᠰᠡᠨ ᠰᠠᠭᠤᠷᠢᠨ ᠲᠡᠭᠡᠷ᠎ᠠ᠂ ᠪᠥᠬᠦ | ᠤᠷᠤᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠷᠤᠯᠳᠤᠭᠠᠨ ᠢ ᠤᠯᠠᠮ | ᠨᠢᠬᠡ ᠠᠯᠬᠤᠮ ᠨᠡᠭᠡᠭᠡᠨ ᠬᠥᠭᠵᠢᠬᠦᠯᠥᠨ᠎ᠠ᠃ ︽ᠥᠪᠥᠷ ᠮᠤᠩᠭᠤᠯ ᠤᠨ ᠴᠥᠭᠡᠨ ᠲᠤᠭᠠᠳᠤ ᠥᠨᠳᠤᠰᠤᠳᠠᠨ ᠤ | ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠤᠬᠯᠠᠭᠠᠨ︾ ᠵᠡᠷᠭᠡ ᠲᠥᠷᠥᠯ ᠲᠡᠮᠳᠡᠭᠳᠤ ᠤᠷᠤᠯᠳᠤᠭᠠᠨ ᠢᠶᠠᠷ ᠭᠤᠤᠯᠳᠠᠯᠭ᠎ᠠ | ᠪᠤᠯᠭᠠᠨ᠂ ᠨᠠᠭᠠᠳᠤᠮ ᠤᠨ ᠬᠤᠷᠠᠯ᠂ ᠮᠤᠩᠭᠤᠯ ᠥᠨᠳᠤᠰᠤᠳᠠᠨ ᠤ ︽ᠡᠷ᠎ᠡ ᠶᠢᠨ ᠭᠤᠷᠪᠠᠨ ᠨᠠᠭᠠᠳᠤᠮ︾ ᠵᠡᠷᠭᠡ | ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠲᠥᠷᠥᠯ ᠲᠡᠮᠳᠡᠭ ᠤᠨ ᠲᠥᠷᠥᠯ ᠵᠦᠢᠯ ᠤᠨ ᠬᠥᠭᠵᠢᠯᠳᠠ ᠶᠢ | ᠠᠬᠢᠭᠤᠯᠵᠥ᠂ ᠨᠡᠶᠢᠭᠡᠮ ᠤᠨ ᠬᠥᠴᠥᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠤᠷᠤᠯᠳᠤᠭᠠᠨ ᠳᠤ ᠤᠷᠤᠯᠴᠠᠬᠤ ᠢᠳᠡᠪᠬᠢᠵᠢᠯ ᠢ ᠬᠥᠢᠴᠡᠳ ᠪᠠᠳᠠᠷᠠᠭᠤᠯᠵᠥ᠂ ᠴᠥᠭᠡᠨ ᠲᠤᠭᠠᠳᠤ ᠥᠨᠳᠤᠰᠤᠳᠠᠨ ᠤ | ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯ ᠮᠡᠷᠭᠡᠵᠢᠯᠳᠠ᠂ ᠥᠷᠢᠰᠥᠯᠳᠥᠭᠡᠨᠵᠢᠯᠳᠠ᠂ ᠵᠠᠬ᠎ᠠ ᠲᠡᠯᠬᠡᠬᠦᠷᠵᠢᠯᠳᠠ ᠶᠢᠨ | ᠲᠦᠪᠰᠢᠨ ᠢ ᠠᠬᠢᠭᠤᠯᠤᠨ᠎ᠠ᠃ | — ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠤ ᠥᠢᠯᠡᠰ ᠢ ᠶᠡᠬᠡᠪᠡᠷ | ᠬᠥᠭᠵᠢᠬᠦᠯᠥᠨ᠎ᠠ᠃ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠢ ᠪᠥᠬᠦ ᠤᠷᠤᠨ ᠤ | ᠪᠡᠶ᠎ᠠ ᠶᠢᠨ ᠲᠠᠮᠢᠷ ᠤᠨ ᠠᠵᠤ ᠥᠢᠯᠡᠰ ᠢ ᠪᠤᠶᠢᠵᠢᠭᠤᠯᠬᠤ ᠪᠠ ᠬᠥᠭᠵᠢᠬᠦᠯᠬᠦ ᠴᠢᠬᠤᠯᠠ ᠠᠭᠤᠯᠭ᠎ᠠ ᠪᠤᠯᠭᠠᠨ ᠵᠢᠬᠰᠠᠭᠠᠵᠥ | ᠂ ᠬᠥᠳᠡᠭᠡ ᠲᠤᠰᠬᠤᠨ ᠢ ᠬᠥᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠬᠥᠴᠥᠨ ᠨᠠᠮᠠᠷᠢᠯᠠᠵᠥ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠬᠠᠮᠵᠢᠯᠴᠠᠨ᠂ ᠴᠥᠭᠡᠨ ᠲᠤᠭᠠᠳᠤ | ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠵᠢᠭᠤᠯᠴᠢᠯᠠᠯ᠂ ᠰᠤᠶᠤᠯ ᠵᠡᠷᠭᠡ ᠲᠠᠢ ᠠᠭᠤᠰᠤᠯᠴᠠᠨ | ᠭᠥᠭᠵᠢᠬᠦ ᠶᠢ ᠠᠬᠢᠭᠤᠯᠤᠨ᠎ᠠ᠃ ᠪᠥᠬᠡ ᠪᠠᠷᠢᠯᠳᠤᠬᠤ ᠵᠡᠷᠭᠡ ᠵᠤᠬᠢᠬᠤ ᠬᠡᠮᠵᠢᠶᠠᠨ ᠤ ᠤᠯᠠᠨ ᠲᠥᠮᠡᠨ ᠪᠠ ᠵᠠᠬ᠎ᠠ | ᠲᠡᠯᠬᠡᠬᠦᠷ ᠤᠨ ᠰᠠᠭᠤᠷᠢ ᠲᠠᠢ ᠪᠡᠶ᠎ᠠ ᠶᠢᠨ ᠲᠠᠮᠢᠷ ᠤᠨ ᠲᠥᠷᠥᠯ ᠵᠦᠢᠯ ᠢ ᠠᠵᠢᠯ ᠮᠡᠷᠭᠡᠵᠢᠯ ᠤᠨ ᠬᠤᠯᠪᠤᠭᠠᠳᠤ | ᠤᠷᠤᠯᠳᠤᠭᠠᠨ ᠲᠡᠰᠢ ᠠᠯᠬᠤᠮ ᠠᠯᠬᠤᠮ ᠢᠶᠠᠷ ᠬᠥᠭᠵᠢᠬᠦᠯᠵᠥ᠂ ᠤᠨᠴᠠᠯᠢᠬᠳᠤ ᠪᠡᠶ᠎ᠠ ᠶᠢᠨ ᠲᠠᠮᠢᠷ ᠤᠨ | ᠵᠢᠭᠤᠯᠴᠢᠯᠠᠯ ᠤᠨ ᠥᠢᠯᠡᠰ ᠢ ᠲᠡᠯᠬᠡᠷᠡᠬᠦᠯᠬᠦ ᠪᠠ ᠬᠥᠭᠵᠢᠬᠦᠯᠵᠥ᠂ ᠪᠡᠶ᠎ᠠ ᠶᠢᠨ ᠲᠠᠮᠢᠷ ᠤᠨ ᠬᠤᠯᠪᠤᠬᠳᠠᠯ ᠪᠥᠬᠦᠢ | ᠥᠢᠯᠡᠳᠬᠦ ᠥᠢᠯᠡᠰ ᠢ ᠲᠠᠶᠢᠴᠢᠯᠠᠵᠥ᠂ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠶᠡᠷᠥᠩᠭᠡᠶᠢᠵᠢᠯᠳᠠ᠂ ᠤᠯᠠᠨ ᠲᠥᠮᠡᠨᠴᠢᠯᠠᠯᠳᠠ ᠶᠢᠨ ᠠᠵᠤ ᠥᠢᠯᠡᠰ ᠤᠨ ᠬᠡᠯᠬᠢᠶᠠᠵᠢᠯ ᠢ ᠴᠢᠷᠮᠠᠶᠢᠨ ᠪᠤᠢ ᠪᠤᠯᠭᠠᠨ᠎ᠠ᠃ | — ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠯᠠᠮᠵᠢᠯᠠᠯ ᠤᠨ ᠰᠢᠨ᠎ᠠ ᠶᠢ | ᠡᠬᠦᠳᠬᠦ ᠶᠢ ᠴᠢᠩᠭᠠᠳᠬᠠᠨ᠎ᠠ᠃ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠲᠥᠷᠥᠯ | ᠵᠦᠢᠯ ᠢ ᠤᠯᠠᠮ ᠨᠢᠬᠡ ᠠᠯᠬᠤᠮ ᠪᠥᠬᠦ ᠤᠷᠤᠨ ᠳᠤ ᠲᠥᠬᠡᠮᠡᠯᠵᠢᠬᠦᠯᠤᠨ ᠲᠡᠯᠭᠡᠷᠡᠬᠦᠯᠤᠨᠠ᠃ ᠤᠨᠴᠠᠭᠠᠢᠢᠯᠠᠨ | ᠲᠤᠬᠠᠢ ᠶᠢᠨ ᠭᠠᠵᠠᠷ ᠤᠷᠤᠨ ᠤ ᠪᠤᠳᠠᠳᠤ ᠪᠠᠶᠢᠳᠠᠯ ᠳᠤ ᠲᠤᠬᠢᠷᠬᠠᠰᠠᠨ ᠴᠥᠭᠡᠨ ᠲᠤᠭᠠᠳᠤ ᠥᠨᠳᠤᠰᠤᠳᠠᠨ ᠤ | ᠤᠯᠠᠮᠵᠢᠯᠠᠯᠳᠤ ᠪᠡᠶ᠎ᠠ ᠶᠢᠨ ᠲᠠᠮᠢᠷ ᠢ ᠰᠤᠷᠭᠠᠭᠤᠯᠢ ᠶᠢᠨ ᠬᠥᠷᠢᠶᠠᠨ ᠳᠤ ᠤᠷᠤᠭᠤᠯᠬᠤ ᠶᠢ ᠠᠬᠢᠭᠤᠯᠤᠨ᠎ᠠ᠃ ᠴᠥᠭᠡᠨ | ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠤᠶᠤᠯ ᠢ ᠶᠡᠬᠡᠪᠡᠷ ᠬᠥᠭᠵᠢᠬᠦᠯᠵᠥ᠂ ᠴᠥᠭᠡᠨ | ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠤᠶᠤᠯ ᠤᠨ ᠠᠭᠤᠷ ᠠᠮᠢᠰᠬᠤᠯ ᠢ | ᠥᠳᠭᠡᠷᠡᠬᠦᠯᠥᠨᠠ᠃ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠪᠡᠷᠢᠮᠵᠢᠶᠠᠳᠤ | ᠰᠢᠰᠲ᠋ᠧᠮ ᠤᠨ ᠪᠠᠶᠢᠭᠤᠯᠤᠯᠳᠠ ᠶᠢ ᠲᠡᠮᠵᠢᠵᠥ᠂ ᠪᠡᠷᠢᠮᠵᠢᠶᠠᠵᠢᠬᠰᠠᠨ ᠪᠠᠶᠢᠭᠤᠯᠤᠯᠳᠠ ᠪᠠᠷ ᠴᠥᠭᠡᠨ ᠲᠤᠭᠠᠳᠤ | ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠭᠵᠢᠯᠳᠠ ᠶᠢ ᠠᠬᠢᠭᠤᠯᠤᠨ᠎ᠠ᠃ ᠡᠯ᠎ᠠ ᠭᠠᠵᠠᠷ ᠤᠷᠤᠨ ᠤ | ᠮᠥᠽᠸᠢ ᠥᠪᠥᠷ ᠮᠤᠩᠭᠤᠯ ᠤᠨ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠲᠡᠯᠬᠡᠨ ᠥᠵᠡᠬᠦᠯᠭᠡ ᠶᠢᠨ | ᠲᠤᠰᠬᠠᠢ ᠪᠤᠯᠤᠩ ᠭᠠᠷᠭᠠᠬᠤ ᠶᠢ ᠵᠤᠷᠢᠬᠵᠢᠭᠤᠯᠤᠨ᠎ᠠ᠃ ᠥᠪᠥᠷ ᠮᠤᠩᠭᠤᠯ ᠤᠨ ᠪᠡᠶ᠎ᠠ ᠶᠢᠨ ᠲᠡᠮᠢᠷ ᠤᠨ ᠤᠷᠳᠤᠨ ᠢ | ᠰᠠᠶᠢᠳᠤᠷ ᠡᠷᠬᠢᠯᠡᠵᠥ᠂ ᠮᠤᠷᠢᠨ ᠮᠡᠷᠭᠡᠵᠢᠯ᠂ ᠪᠥᠭᠡ ᠪᠠᠷᠢᠯᠳᠤᠬᠤ᠂ ᠰᠤᠷ ᠬᠠᠷᠪᠤᠬᠤ᠂ ᠪᠢᠯᠠᠭᠤ ᠰᠢᠳᠡᠬᠦ ᠵᠡᠷᠭᠡ | ᠲᠤᠰᠬᠠᠢ ᠰᠡᠳᠤᠪᠳᠤ ᠤᠷᠳᠤᠨ ᠢ ᠨᠡᠭᠡᠭᠡᠨ᠎ᠠ᠃ | | ᠤᠯᠠᠮᠵᠢᠯᠠᠯᠳᠦ ᠡᠪᠡᠷ ᠨᠤᠮᠤ ᠬᠠᠷᠪᠤᠨᠡ | — ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠤᠯᠢᠯᠴᠠᠭ᠎ᠠ ᠶᠢ | ᠴᠢᠩᠭᠠᠳᠬᠠᠨ᠎ᠠ᠃ ᠥᠪᠥᠷ ᠮᠤᠩᠭᠤᠯ ᠬᠢᠬᠡᠳ ᠪᠤᠰᠤᠳ ᠮᠤᠵᠢ ᠬᠤᠳᠠ ᠤᠷᠤᠨ ᠤ ᠴᠥᠭᠡᠨ ᠲᠤᠭᠠᠳᠤ | ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠤᠯᠢᠯᠴᠠᠭ᠎ᠠ ᠶᠢ ᠴᠢᠩᠭᠠᠳᠬᠠᠵᠥ᠂ ᠥᠨᠳᠤᠰᠤᠳᠠᠨ ᠤ | ᠤᠯᠠᠮᠵᠢᠯᠠᠯᠳᠤ ᠰᠤᠶᠤᠯ ᠢ ᠬᠥᠭᠵᠢᠬᠦᠯᠥᠨ ᠮᠠᠨᠳᠤᠭᠤᠯᠵᠥ᠂ ᠰᠤᠶᠤᠯ ᠤᠨ ᠢᠳᠡᠭᠡᠯ ᠢᠶᠠᠨ ᠪᠠᠳᠤᠳᠬᠠᠨ᠎ᠠ᠃ ︽ᠨᠢᠬᠡ | ᠪᠥᠰᠡ ᠨᠢᠬᠡ ᠵᠠᠮ︾ ᠲᠠᠭᠠᠤ ᠶᠢᠨ ᠤᠯᠤᠰ ᠤᠨ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ | ᠲᠠᠮᠢᠷ ᠤᠨ ᠰᠤᠶᠤᠯ ᠤᠨ ᠰᠤᠯᠢᠯᠴᠠᠭ᠎ᠠ ᠶᠢ ᠢᠳᠡᠪᠬᠢᠳᠠᠢ ᠥᠷᠨᠢᠬᠦᠯᠵᠥ᠂ ᠬᠢᠯᠢ ᠶᠢᠨ ᠭᠠᠵᠠᠷ ᠤᠷᠤᠨ ᠤ ᠬᠢᠯᠢ | ᠠᠯᠤᠰᠯᠠᠬᠰᠠᠨ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠤᠶᠤᠯ ᠤᠨ ᠰᠤᠯᠢᠯᠴᠠᠭ᠎ᠠ ᠶᠢ ᠲᠠᠮᠵᠢᠵᠥ᠂ | ᠤᠷᠤᠰ᠂ ᠮᠤᠩᠭᠤᠯ ᠯᠤᠭ᠎ᠠ ᠶᠢᠨ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠰᠤᠯᠢᠯᠴᠠᠭ᠎ᠠ ᠶᠢ ᠭᠤᠤᠯᠳᠠᠯᠭ᠎ᠠ ᠲᠠᠢ ᠠᠳᠬᠤᠨ᠎ᠠ᠃ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ | ᠲᠠᠮᠢᠷ ᠤᠨ ᠤᠯᠠᠨ ᠤᠯᠤᠰ ᠤᠨ ᠤᠷᠤᠯᠳᠤᠭᠠᠨ ᠤ ᠠᠵᠢᠯᠯᠠᠭ᠎ᠠ ᠂ ᠰᠤᠳᠤᠯᠤᠯ ᠰᠤᠯᠢᠯᠴᠠᠭ᠎ᠠ᠂ ᠪᠡᠶ᠎ᠠ ᠶᠢᠨ ᠲᠠᠮᠢᠷ ᠤᠨ | ᠨᠡᠷᠡᠳᠤ ᠬᠥᠮᠥᠰ ᠵᠡᠷᠭᠡ ᠳᠤ ᠲᠥᠰᠢᠭᠯᠡᠨ᠂ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ | ᠲᠠᠮᠢᠷ ᠤᠨ ᠰᠤᠶᠤᠯ ᠤᠨ ᠤᠯᠠᠨ ᠤᠯᠤᠰ ᠲᠠᠬᠢ ᠲᠠᠮᠵᠢᠭᠤᠯᠭ᠎ᠠ ᠶᠢ ᠰᠠᠶᠢᠳᠤᠷ ᠬᠢᠨ᠎ᠠ᠃ ᠲᠤᠮᠳᠠᠳᠤ ᠮᠤᠩᠭᠤᠯ | ᠤᠷᠤᠰ ᠤᠨ ᠤᠯᠠᠨ ᠤᠯᠤᠰ ᠤᠨ ᠵᠠᠯᠠᠭᠤᠴᠤᠳ ᠪᠠᠭᠠᠴᠤᠳ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠪᠠ ᠲᠤᠮᠳᠠᠳᠤ | ᠮᠤᠩᠭᠤᠯ ᠤᠷᠤᠰ ᠤᠨ ᠤᠯᠠᠨ ᠤᠯᠤᠰ ᠤᠨ ᠨᠠᠰᠤᠳᠠᠶᠢᠴᠤᠳ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠵᠢᠴᠢ | ᠲᠤᠮᠳᠠᠳᠤ ᠮᠤᠩᠭᠤᠯ ᠤᠷᠤᠰ ᠤᠨ ᠤᠷᠤᠯᠳᠤᠭᠠᠨ ᠤ ᠪᠤᠰᠤᠳ ᠠᠵᠢᠯᠯᠠᠭ᠎ᠠ ᠶᠢ ᠰᠠᠶᠢᠳᠤᠷ ᠬᠢᠨ᠎ᠠ᠃ | — ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠠᠭᠤᠷᠢᠨ ᠤ ᠪᠥᠳᠥᠭᠡᠨ | ᠪᠠᠶᠢᠭᠤᠯᠤᠯᠳᠠ ᠪᠠᠨ ᠴᠢᠩᠭᠠᠳᠬᠠᠨ᠎ᠠ᠃ ᠪᠥᠬᠦ ᠤᠷᠤᠨ ᠤ ᠡᠯ᠎ᠠ ᠱᠠᠳᠤᠨ ᠤ ᠪᠡᠶ᠎ᠠ ᠶᠢᠨ ᠲᠠᠮᠢᠷ ᠤᠨ ᠰᠠᠯᠠᠭ᠎ᠠ ᠮᠥᠴᠢᠷ | ᠪᠠ ᠥᠨᠳᠤᠰᠤᠳᠠᠨ ᠤ ᠠᠵᠢᠯ ᠤᠨ ᠰᠠᠯᠠᠭ᠎ᠠ ᠮᠥᠴᠢᠷ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ | ᠲᠠᠮᠢᠷ ᠤᠨ ᠰᠠᠭᠤᠷᠢᠨ ᠤ ᠬᠠᠮᠢᠶᠠᠷᠤᠯᠳᠠ ᠶᠢᠨ ᠠᠷᠭ᠎ᠠ ᠶᠢ ᠰᠤᠳᠤᠯᠤᠨ ᠲᠤᠬᠳᠠᠭᠠᠵᠥ᠂ ᠪᠥᠬᠦ ᠤᠷᠤᠨ ᠤ ᠴᠥᠭᠡᠨ | ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠠᠭᠤᠷᠢᠨ ᠢ ᠨᠠᠷᠠᠶᠢᠳᠬᠦ ᠪᠠ ᠰᠢᠯᠭᠠᠨ ᠥᠨᠡᠯᠡᠬᠦ | ᠬᠠᠮᠢᠶᠠᠷᠤᠯᠳᠠ ᠶᠢ ᠴᠢᠩᠭᠠᠳᠬᠠᠨ᠎ᠠ᠃ | — ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠢᠳᠠᠪᠤᠷᠢᠳᠠᠨ ᠢ | ᠬᠥᠮᠥᠵᠢᠬᠦᠯᠥᠨᠠ᠃ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠰᠠᠯᠠᠭ᠎ᠠ ᠮᠥᠴᠢᠷ | ᠲᠥᠯᠥᠪᠯᠡᠭᠡ ᠲᠠᠢ ᠪᠠᠷ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠢᠳᠠᠪᠤᠷᠢᠳᠠᠨ ᠢ | ᠡᠯ᠎ᠠ ᠱᠠᠳᠤ ᠡᠯ᠎ᠠ ᠲᠥᠷᠥᠯ ᠤᠨ ᠨᠡᠶᠢᠭᠡᠮ ᠤᠨ ᠪᠡᠶ᠎ᠠ ᠶᠢᠨ ᠲᠠᠮᠢᠷ ᠤᠨ ᠵᠢᠭᠠᠨ ᠵᠢᠯᠥᠭᠤᠳᠤᠬᠴᠢ᠂ | ᠲᠠᠰᠬᠠᠯᠵᠢᠭᠤᠯᠤᠬᠴᠢ᠂ ᠬᠢᠨᠠᠬᠴᠢ ᠶᠢᠨ ᠬᠥᠮᠥᠵᠢᠯ ᠪᠤᠯᠪᠠᠰᠤᠷᠠᠯ ᠤᠨ ᠰᠢᠰᠲ᠋ᠧᠮ ᠳᠤ ᠤᠷᠤᠭᠤᠯᠤᠨ᠎ᠠ᠃ | ᠥᠨᠳᠤᠰᠤᠳᠠᠨ ᠤ ᠭᠡᠷᠡᠭ ᠡᠷᠬᠢᠯᠡᠬᠦ ᠰᠠᠯᠠᠭ᠎ᠠ ᠮᠥᠴᠢᠷ ᠥᠨᠳᠤᠰᠤᠳᠠᠨ ᠤ ᠲᠤᠮᠳᠠᠳᠤ ᠪᠠᠭ᠎ᠠ ᠰᠤᠷᠭᠠᠭᠤᠯᠢ ᠪᠠ ᠪᠤᠰᠤᠳ | ᠰᠤᠷᠭᠠᠭᠤᠯᠢ ᠶᠢᠨ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯᠯᠠᠭ᠎ᠠ | ᠥᠷᠨᠢᠬᠦᠯᠬᠦ ᠶᠢ ᠲᠠᠮᠵᠢᠵᠥ᠂ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠢ ᠵᠢᠩᠬᠢᠨᠢ ᠪᠠᠷ | ᠪᠡᠶ᠎ᠠ ᠶᠢᠨ ᠲᠠᠮᠢᠷ ᠤᠨ ᠬᠢᠴᠢᠶᠡᠯ ᠲᠥᠷᠥᠯ ᠤᠨ ᠵᠢᠭᠠᠨ ᠰᠤᠷᠭᠠᠯᠳᠠ ᠶᠢᠨ ᠠᠭᠤᠯᠭ᠎ᠠ ᠳᠤ ᠤᠷᠤᠭᠤᠯᠬᠤ ᠨᠥᠬᠦᠴᠡᠯ ᠢ | ᠡᠬᠦᠳᠤᠨ ᠪᠥᠳᠥᠭᠡᠵᠥ᠂ ᠥᠨᠳᠤᠰᠤᠳᠠᠨ ᠤ ᠲᠡᠭᠡᠳᠤ ᠰᠤᠷᠭᠠᠭᠤᠯᠢ ᠶᠢᠨ ᠪᠡᠶ᠎ᠠ ᠶᠢᠨ ᠲᠠᠮᠢᠷ ᠤᠨ ᠰᠠᠯᠪᠤᠷᠢ ᠪᠠ ᠪᠤᠰᠤᠳ | ᠪᠡᠶ᠎ᠠ ᠶᠢᠨ ᠲᠠᠮᠢᠷ ᠤᠨ ᠲᠡᠭᠡᠳᠤ ᠰᠤᠷᠭᠠᠭᠤᠯᠢ ᠳᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ | ᠲᠠᠮᠢᠷ ᠤᠨ ᠲᠤᠰᠬᠠᠢ ᠮᠡᠷᠭᠡᠵᠢᠯ ᠢ ᠨᠡᠭᠡᠭᠡᠵᠥ᠂ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ | ᠲᠠᠮᠢᠷ ᠤᠨ ᠵᠢᠭᠠᠨ ᠰᠤᠷᠭᠠᠯᠳᠠ ᠪᠠ ᠰᠤᠳᠤᠯᠤᠯ ᠢ ᠦᠷᠨᠢᠭᠦᠯᠦᠨ᠎ᠡ᠃ | ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠭᠵᠢᠯᠳᠠ ᠳᠤ ᠬᠢᠭᠰᠡᠨ | ᠨᠠᠷᠢᠯᠢᠬ ᠪᠠᠶᠢᠷᠢᠯᠠᠭᠤᠯᠤᠯᠳᠠ ᠨᠢ ᠮᠠᠨ ᠤ ᠤᠷᠤᠨ ᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠬᠥᠭᠵᠢᠯᠳᠠ ᠳᠤ ᠨᠠᠩ ᠰᠠᠷᠠᠭᠤᠯ ᠲᠠᠷᠳᠠᠩ ᠢᠷᠡᠭᠡᠳᠤᠢ ᠶᠢ ᠴᠤᠬᠴᠠᠯᠠᠨ᠂ ᠲᠥᠷᠭᠡᠨ ᠬᠥᠭᠵᠢᠯᠳᠠ ᠳᠤ ᠵᠢᠬᠦᠷ | ᠤᠷᠭᠤᠭᠤᠯᠬᠤ ᠨᠢ ᠲᠠᠮᠵᠢᠬ ᠥᠬᠡᠢ᠃ | | ᠮᠤᠷᠢᠨ ᠤᠷᠤᠯᠳᠤᠭᠠᠨ |