| ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ | ᠢᠶᠠᠷ᠂ ᠮᠠᠨ ᠤ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠨᠠᠷᠢᠨ | ᠪᠣᠳᠠᠲᠠᠢ ᠬᠢᠵᠦ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ 9 ᠳ᠋ᠤᠭᠡᠷ | ᠰᠠᠷ᠎ᠠ ᠶᠢᠨ 8 ᠤ ᠡᠳᠦᠷ ᠠᠴᠠ ᠡᠬᠢᠯᠡᠨ᠂ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠤᠪᠴᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ | ᠲᠤᠪᠴᠢᠶᠠᠨ ᠤ ᠤᠳᠤᠷᠢᠳᠤᠯᠭ᠎ᠠ ᠪᠦᠯᠬᠦᠮ ᠳᠠᠭᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠶᠠᠷ ᠭᠠᠷᠠᠭ | ᠳᠠᠷᠠᠭᠠᠯᠠᠨ ᠬᠠᠶᠢᠷᠤᠪ ᠤᠨ ᠲᠣᠬᠤᠢ ᠲᠣᠭᠤᠷᠢᠭ ᠪᠠ ᠬᠠᠶᠢᠨᠠᠨ ᠲᠣᠭᠤᠷᠢᠭ ᠲᠤ ᠬᠦᠷᠴᠦ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯ ᠢ ᠥᠷᠨᠢᠭᠦᠯᠵᠡᠢ᠃ | ᠣᠶᠢᠷ᠎ᠠ ᠶᠢᠨ ᠵᠢᠯ ᠳᠤ᠂ ᠮᠠᠨ ᠤ ᠬᠤᠲᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠡᠭᠡᠷ᠎ᠡ ᠭᠠᠳᠠᠨᠠᠬᠢ ᠰᠢᠯᠵᠢᠭᠦᠯᠵᠦ ᠪᠣᠯᠣᠰᠢ ᠦᠭᠡᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ | ᠲᠦᠪᠰᠢᠨ ᠤ ᠬᠠᠷᠢᠭᠤᠴᠠᠯᠭ᠎ᠠ ᠶᠢ ᠢᠯᠡ ᠨᠡᠶᠢᠲᠡᠯᠡᠬᠦ ᠫᠠᠶᠢᠰᠠ ᠶᠢ ᠰᠢᠨ᠎ᠡ ᠪᠠᠷ 37 ᠨᠡᠮᠡᠵᠦ᠂ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠨᠡᠶᠢᠲᠡ | 28 ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠡᠮᠳᠡᠭ ᠬᠥᠰᠢᠶ᠎ᠡ ᠶᠢ ᠪᠤᠰᠬᠠᠵᠤ᠂ | ᠭᠤᠣᠯᠳᠠᠯᠭ᠎ᠠ ᠲᠠᠢ ᠣᠷᠳᠣ ᠴᠠᠭᠠᠨ ᠬᠡᠷᠡᠮ ᠤᠨ ᠴᠡᠭ ᠬᠡᠰᠡᠭ ᠢ ᠴᠥᠮ ᠲᠣᠣᠷ ᠢᠶᠠᠷ ᠬᠦᠷᠢᠶᠡᠯᠡᠨ ᠬᠠᠮᠠᠭᠠᠯᠠᠵᠤ᠂ | ᠨᠡᠶᠢᠲᠡ 12 ᠺᠢᠯᠣᠮᠧᠲᠷ ᠬᠦᠷᠢᠶᠡᠯᠡᠨ ᠪᠢᠲᠡᠭᠦᠮᠵᠢᠯᠡᠪᠡ᠃ ᠡᠭᠦᠨ ᠤ ᠬᠠᠮᠲᠤ᠂ ᠡᠨᠡ ᠵᠢᠯ ᠤᠨ ᠥᠷᠨᠢᠭᠦᠯᠦᠭᠰᠡᠨ | ᠮᠢᠩ ᠤᠨ ᠣᠷᠳᠣ ᠴᠠᠭᠠᠨ ᠬᠡᠷᠡᠮ ᠤᠨ ᠡᠯ ᠳᠤᠤ ᠺᠠᠨ ᠤ ᠴᠤᠨᠵᠢ ᠶᠢ ᠲᠤᠭᠠᠵᠢᠭᠤᠯᠤᠨ ᠬᠠᠮᠠᠭᠠᠯᠠᠬᠤ ᠲᠥᠷᠥᠯ | ᠵᠦᠢᠯ ᠨᠢᠭᠡᠨᠲᠡ ᠰᠢᠪᠲᠤᠷᠭᠠᠨ ᠳᠤ ᠪᠠᠨ ᠣᠷᠣᠵᠤ᠂ ᠮᠢᠩ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠳᠤ | ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠲᠠᠷᠠᠭᠠᠴᠢ ᠶᠢᠨ ᠱᠠᠲᠤᠨ ᠳᠤ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠤᠪᠴᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠰᠬᠠᠢ ᠪᠠᠶᠢᠴᠠᠭᠠᠯᠲᠠ ᠶᠢᠨ | ᠳᠤᠭᠤᠶᠢᠯᠠᠩ ᠤᠨ ᠬᠢᠨ ᠪᠥᠬᠦ ᠬᠤᠲᠠ ᠶᠢᠨ 4 ᠮᠦᠽᠧᠢ᠂ ᠮᠠᠨᠪᠠ ᠷᠠᠰᠠᠩ ᠰᠦᠮ᠎ᠡ᠂ ᠪᠠᠶᠠᠨᠳᠤᠬᠠᠶ ︱ ᠳ᠋ᠦ᠋ ᠺᠧᠦ | ᠨᠢᠭᠡᠳᠦᠭᠡᠷ ᠬᠤᠶᠠᠳᠤᠭᠠᠷ ᠳᠡᠰ ᠤᠨ ᠤᠰᠤ ᠲᠠᠲᠠᠬᠤ ᠥᠷᠲᠡᠭᠡ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠤᠨ | ᠮᠦᠽᠧᠢ ᠶᠢᠨ ᠨᠢᠭᠡᠴᠢ ᠳᠤ ᠪᠠᠶᠠᠷ ᠤᠨ ᠡᠳᠦᠷ ᠠᠴᠠ ᠡᠮᠦᠨᠡᠬᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ | ᠪᠠᠶᠢᠴᠠᠭᠠᠯᠲᠠ ᠬᠢᠵᠦ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠲᠤ ᠪᠠᠶᠠᠷ ᠤᠨ | ᠡᠳᠦᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | |