2023 ᠣᠨ ᠤ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋ ᠤᠨ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠰᠣᠩᠭᠤᠭᠳᠠᠭᠰᠠᠨ ᠦᠢᠯᠡᠳᠬᠦᠨ ᠤ ᠬᠡᠯᠡᠯᠴᠡᠭᠡᠷ ᠢᠶᠠᠷ ᠬᠤᠳᠠᠯᠳᠤᠨ ᠠᠪᠬᠤ ᠬᠡᠮᠵᠢᠶ᠎ᠡ ᠶᠢ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/5/17
ᠥᠪᠥᠷ ᠡᠮ ᠴᠤᠭᠯᠠᠭᠤᠯᠬᠤ ᠲᠥᠪ ᠦᠰᠦᠭ ﹇2024﹈ 109 ᠳ᠋ᠦ᠋ᠭᠡᠷ ᠲᠣᠭᠠᠲᠤᠡᠯ᠎ᠡ ᠠᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ︽2023 ᠣᠨ ᠤ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋ ᠤᠨ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠪᠢᠴᠢᠭ ᠮᠠᠲ᠋ᠧᠷᠢᠶᠠᠯ ︵ᠬᠤᠳᠠᠯᠳᠤᠨ ᠠᠪᠬᠤ ᠪᠢᠴᠢᠭ ᠮᠠᠲ᠋ᠧᠷᠢᠶᠠᠯ ᠤᠨ ᠳ᠋ᠤᠭᠠᠷ᠄ IVDLM — 2023 — 01︶︾ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠰᠣᠩᠭᠤᠭᠳᠠᠭᠰᠠᠨ ᠦᠢᠯᠡᠳᠬᠦᠨ ᠤ ᠬᠡᠯᠡᠯᠴᠡᠭᠡᠷ ᠢᠶᠠᠷ ᠬᠤᠳᠠᠯᠳᠤᠨ ᠠᠪᠬᠤ ᠬᠡᠮᠵᠢᠶ᠎ᠡ ᠶᠢ ᠲᠣᠭᠲᠠᠭᠠᠬᠤ ᠠᠵᠢᠯ ᠢ ᠥᠷᠨᠢᠭᠦᠯᠵᠦ᠂ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠲᠣᠬᠢᠷᠠᠭᠤᠯᠪᠠ᠄  ᠨᠢᠭᠡ᠂ ᠣᠷᠣᠯᠴᠠᠬᠤ ᠨᠢᠭᠡᠴᠢ  ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠪᠠᠭᠲᠠᠨ᠎ᠠ᠂ ᠳᠣᠷᠣᠭᠰᠢ ᠠᠳᠠᠯᠢ︶ ᠪᠣᠯᠤᠨ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠨᠡᠶᠢᠭᠡᠮ ᠤᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠪᠠᠭᠲᠠᠨ᠎ᠠ᠃  ᠬᠤᠶᠠᠷ᠂ ᠲᠠᠭᠯᠠᠨ ᠮᠡᠳᠡᠭᠦᠯᠬᠦ ᠠᠷᠭ᠎ᠠ ᠮᠠᠶ᠋ᠢᠭ  ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠶᠢ ᠨᠢᠭᠡᠨᠲᠡ ᠮᠡᠳᠡᠭᠦᠯᠦᠨ ᠬᠦᠷᠭᠡᠭᠰᠡᠨ ᠡᠮᠴᠢᠯᠡᠭᠡᠨ ᠤ ᠪᠠᠶᠢᠭᠤᠯᠤᠮᠵᠢ ᠨᠢ ᠠᠨᠾᠦ᠋ᠢ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋ ᠤᠨ ᠮᠤᠵᠢ ᠶᠢᠨ ᠬᠤᠭᠤᠷᠣᠨᠳᠣᠬᠢ ᠬᠤᠯᠪᠤᠭ᠎ᠠ ᠶᠢᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠮᠡᠳᠡᠭᠡ ᠵᠠᠩᠭᠢ ᠶᠢᠨ ᠰᠢᠰᠲ᠋ᠧᠮ ︵ᠳᠠᠩᠰᠠᠯᠠᠭᠤᠯᠬᠤ ᠬᠠᠶ᠋ᠢᠭ᠄ http://sjsb.ahyycg.cn/reporting-quantity/Login ︶ ᠢᠶᠠᠷ ᠳᠠᠮᠵᠢᠭᠤᠯᠤᠨ ᠥᠷᠨᠢᠭᠦᠯᠦᠨ᠎ᠡ᠃ ᠪᠤᠳᠠᠲᠠᠶ ᠠᠵᠢᠯᠯᠠᠬᠤ ᠠᠷᠭ᠎ᠠ ᠢ ᠰᠢᠰᠲ᠋ᠧᠮ ᠳᠤᠲᠤᠷᠠᠬᠢ ᠠᠵᠢᠯᠯᠠᠬᠤ ᠭᠠᠷ ᠳᠡᠪᠲᠡᠷ ᠲᠤ ᠦᠵᠡᠭᠡᠷᠡᠢ᠃  ᠭᠤᠷᠪᠠ᠂ ᠲᠠᠭᠯᠠᠨ ᠮᠡᠳᠡᠭᠦᠯᠬᠦ ᠴᠠᠭ  ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠬᠦ ᠴᠠᠭ᠄ 2024 ᠣᠨ ᠤ 5 ᠳ᠋ᠤᠭᠠᠷ ᠰᠠᠷ᠎ᠠ ᠶᠢᠨ 17 ᠤ ᠡᠳᠦᠷ ᠠᠴᠠ 5 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠃  ᠳᠥᠷᠪᠡ᠂ ᠠᠵᠢᠯ ᠤᠨ ᠱᠠᠭᠠᠷᠳᠠᠯᠭ᠎ᠠ  ︵ᠨᠢᠭᠡ︶ ᠡᠯ᠎ᠡ ᠠᠶᠢᠮᠠᠭ ᠬᠤᠲᠠ ᠨᠢ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢ ᠨᠢᠭᠤᠴᠠ ᠺᠣᠳ᠋ ᠪᠠ ᠲᠠᠩᠰᠠᠨ ᠳ᠋ᠤᠭᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠶ ᠬᠥᠮᠥᠨ ᠢᠶᠠᠷ ᠬᠠᠷᠢᠭᠤᠴᠠᠭᠤᠯᠤᠨ᠂ ᠪᠤᠰᠤᠳ ᠬᠥᠮᠦᠨ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠳ᠋ᠤᠭᠠᠷ ᠢ ᠠᠰᠢᠭᠯᠠᠨ ᠬᠤᠳᠠᠯ ᠢᠶᠠᠷ ᠮᠡᠳᠡᠭᠦᠯᠬᠦ᠂ ᠬᠤᠳᠠᠯᠳᠤᠨ ᠠᠪᠬᠤ ᠬᠡᠮᠵᠢᠶ᠎ᠡ ᠶᠢ ᠪᠤᠷᠤᠭᠤ ᠮᠡᠳᠡᠭᠦᠯᠬᠦ ᠵᠡᠷᠭᠡ ︽ᠬᠡᠮᠵᠢᠶ᠎ᠡ ᠲᠠᠢ ᠦᠨᠡᠨ ᠪᠣᠳᠠᠲᠠᠶ ᠪᠤᠰᠤ︾ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠬᠤ ᠬᠡᠷᠡᠭᠲᠡᠶ᠃  ︵ᠬᠤᠶᠠᠷ︶ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠲᠠᠪᠴᠠᠩ ᠳᠤ ᠭᠠᠷᠴᠤ ᠬᠡᠯᠡᠯᠴᠡᠭᠡᠷ ᠢᠶᠠᠷ ᠬᠤᠳᠠᠯᠳᠤᠨ ᠠᠪᠬᠤ ᠬᠡᠮᠵᠢᠶ᠎ᠡ ᠶᠢ ᠬᠤᠪᠢᠶᠠᠷᠢᠯᠠᠬᠤ ᠠᠵᠢᠯ ᠢ ᠪᠡᠶᠡᠯᠡᠭᠦᠯᠵᠦ᠂ ᠲᠦᠷᠢᠮ ᠶᠣᠰᠣᠭᠠᠷ ᠬᠤᠪᠢᠶᠠᠷᠢᠯᠠᠬᠤ ᠪᠠᠷ ᠪᠠᠶᠢᠭ᠎ᠠ ᠬᠡᠮᠵᠢᠶ᠎ᠡ ᠶᠢ ᠡᠵᠡᠨ ᠮᠡᠳᠡᠵᠦ ᠰᠣᠩᠭᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠦᠢᠯᠡᠳᠬᠦᠨ ᠪᠠ ᠬᠤᠳᠠᠯᠳᠤᠨ ᠠᠪᠬᠤ ᠬᠡᠮᠵᠢᠶ᠎ᠡ ᠶᠢ ᠨᠤᠲᠠᠯᠠᠨ᠎ᠠ᠃    ᠳᠠᠭᠠᠯᠳᠤᠭᠤᠯᠤᠯ᠄ 2023 ᠣᠨ ᠤ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋ ᠤᠨ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠰᠣᠩᠭᠤᠭᠳᠠᠭᠰᠠᠨ ᠦᠢᠯᠡᠳᠭᠦᠨ ᠤ ᠬᠡᠯᠡᠯᠴᠡᠭᠡᠷ ᠤᠨ ᠲᠤᠭ᠎ᠠ ᠬᠡᠮᠵᠢᠶ᠎ᠡ ᠶᠢᠨ ᠬᠤᠪᠢᠶᠠᠷᠢᠯᠠᠯ ᠤᠨ ᠳᠦᠷᠢᠮ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  2024 ᠣᠨ ᠤ 5 ᠳ᠋ᠤᠭᠠᠷ ᠰᠠᠷ᠎ᠠ ᠶᠢᠨ 17 ᠤ ᠡᠳᠦᠷ      ᠳᠠᠭᠠᠯᠳᠤᠭᠤᠯᠤᠯ᠄2023 ᠣᠨ ᠤ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋ ᠤᠨ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ  ᠳᠤ ᠰᠣᠩᠭᠤᠭᠳᠠᠭᠰᠠᠨ ᠦᠢᠯᠡᠳᠭᠦᠨ ᠤ ᠬᠡᠯᠡᠯᠴᠡᠭᠡᠷ ᠤᠨ ᠲᠤᠭ᠎ᠠ ᠬᠡᠮᠵᠢᠶ᠎ᠡ ᠶᠢᠨ ᠬᠤᠪᠢᠶᠠᠷᠢᠯᠠᠯ ᠤᠨ ᠲᠦᠷᠢᠮ.docx

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map