ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠪᠠᠷ ᠭᠠᠷᠤᠭ᠎ᠠ ᠪᠣᠯᠭᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/7/18
  ᠰᠢᠯᠢ ᠶᠢᠨ ᠭᠤᠤᠯ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠠᠷᠠᠳ  ᠤᠨ ᠲᠦᠯᠦᠭᠡ᠂ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠪᠠᠷ ᠭᠠᠷᠤᠭ᠎ᠠ ᠪᠠ ᠬᠦᠴᠦᠯᠡᠬᠦ ᠴᠡᠭ ᠪᠣᠯᠭᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠦᠨ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠣᠯᠠᠨ ᠲᠦᠮᠡᠨ ᠤ ᠳᠡᠩᠰᠡᠯᠡᠯᠲᠡ ᠶᠢ ᠭᠦᠢᠴᠡᠳᠬᠡᠬᠦ ᠶᠠᠪᠤᠴᠠ ᠳᠠᠬᠢ ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ ᠤᠨ ᠲᠣᠭᠤᠷᠢᠨ ᠳᠤ ᠬᠦᠴᠦ ᠣᠷᠣᠭᠤᠯᠵᠤ᠂ ᠦᠨᠡᠮᠯᠡᠯ ᠠᠪᠬᠤ ᠳᠤ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ᠂ ᠨᠠᠩ ᠴᠢᠨᠠᠷ ᠰᠠᠶᠢᠲᠠᠶ ᠪᠣᠯᠭᠠᠨ᠎ᠠ᠃  ᠦᠢᠯᠡᠴᠢᠯᠡᠭᠡ ᠶᠢ ᠤᠷᠲᠤᠳᠬᠠᠵᠤ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠨ᠎ᠡ᠃ ᠪᠠᠷᠢᠴᠠᠭᠠᠯᠠᠨ ᠳᠠᠩᠰᠠᠯᠠᠬᠤ᠂ ᠤᠷᠢᠳᠴᠢᠯᠠᠨ ᠮᠡᠳᠡᠭᠳᠡᠵᠦ ᠳᠡᠩᠰᠡᠯᠡᠨ ᠲᠠᠮᠳᠡᠭᠯᠡᠬᠦ᠂ ᠰᠢᠯᠵᠢᠭᠦᠯᠦᠨ ᠳᠠᠩᠰᠠᠯᠠᠬᠤ ᠵᠡᠷᠭᠡ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠳᠠᠮᠵᠢᠭᠤᠯᠤᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠳᠠᠰᠢ ᠤᠷᠲᠤᠳᠬᠠᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠥᠯᠥ ᠬᠥᠳᠡᠯᠬᠦ ᠬᠥᠷᠥᠩᠭᠡ ᠶᠢᠨ ︽ᠨᠢᠭᠡ ᠴᠣᠩᠬᠤᠪᠴᠢ ᠪᠠᠷ ᠭᠦᠢᠴᠡᠳᠬᠡᠬᠦ︾ ᠲᠠᠪᠴᠠᠩ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠦᠵᠦᠭᠦᠷ ᠲᠤ ᠲᠦᠰᠢᠭᠯᠡᠨ ᠪᠠᠩᠬᠢ ᠶᠢᠨ ᠲᠣᠣᠷ ᠴᠡᠭ ᠲᠤ ᠬᠦᠷᠲᠡᠯ᠎ᠡ ᠥᠷᠭᠡᠳᠬᠡᠨ᠎ᠡ᠃ 2024 ᠣᠨ ᠤ ᠳᠡᠭᠡᠷ᠎ᠡ ᠬᠠᠭᠠᠰ ᠵᠢᠯ ᠳᠤ᠂ ᠪᠥᠲᠥᠭᠡᠨ ᠪᠠᠶᠢᠭᠤᠯᠤᠯᠲᠠ ᠶᠢᠨ ᠪᠠᠩᠬᠢ᠂ ᠰᠢᠤᠳᠠᠨ ᠤ ᠪᠠᠩᠬᠢ ᠵᠢᠴᠢ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠵᠡᠷᠭᠡ ᠪᠠᠩᠬᠢ ᠥᠯᠥ ᠬᠥᠳᠡᠯᠬᠦ ᠬᠥᠷᠥᠩᠭᠡ ᠶᠢᠨ ᠰᠦᠯᠵᠢᠶᠡᠨ ᠳᠡᠭᠡᠷᠡᠬᠢ ︽ᠨᠢᠭᠡ ᠴᠣᠩᠬᠤᠪᠴᠢ ᠪᠠᠷ ᠭᠦᠢᠴᠡᠳᠬᠡᠬᠦ︾ ᠲᠠᠪᠴᠠᠩ ᠢᠶᠠᠷ ᠳᠡᠮᠵᠢᠨ 9225 ᠬᠤᠪᠢ ᠥᠯᠥ ᠬᠥᠳᠡᠯᠬᠦ ᠬᠥᠷᠥᠩᠭᠡ ᠶᠢᠨ ᠳᠠᠨᠵᠢᠯᠠᠭ᠎ᠠ ᠶᠢᠨ ᠲᠤᠬᠠᠶᠢᠯᠠᠭᠰᠠᠨ ᠠᠵᠢᠯ ᠢ ᠰᠢᠢᠳᠪᠦᠷᠢᠯᠡᠵᠦ ᠳᠠᠭᠤᠰᠬᠠᠪᠠ᠃ ᠥᠪᠡᠰᠦᠪᠡᠨ ᠦᠨᠡᠮᠯᠡᠯ ᠭᠦᠢᠴᠡᠳᠭᠡᠬᠦ ᠦᠢᠯᠡᠴᠢᠯᠡᠭᠡᠨ ᠤ ᠲᠣᠭᠤᠷᠢᠭ ᠢ ᠲᠣᠬᠢᠷᠠᠭᠤᠯᠵᠤ᠂ ᠭᠠᠷ ᠤᠲᠠᠰᠤᠨ ᠤ APP᠂ PC ᠦᠵᠦᠭᠦᠷ᠂ ᠤᠯᠠᠨ ᠨᠡᠶᠢᠲᠡ ᠶᠢᠨ ᠸᠢᠴᠠᠲ ᠲᠠᠪᠴᠠᠩ ᠵᠡᠷᠭᠡ ᠣᠯᠠᠨ ᠦᠵᠦᠭᠦᠷ ᠢᠶᠠᠷ ᠳᠠᠮᠵᠢᠭᠤᠯᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠨᠢᠭᠡ ᠳᠠᠷᠤᠪᠴᠢ ᠪᠠᠷ ᠪᠠᠶᠢᠴᠠᠭᠠᠨ ᠯᠠᠪᠯᠠᠬᠤ︾ ᠶᠢ ᠪᠡᠶᠡᠯᠡᠭᠦᠯᠦᠨ᠎ᠡ᠃  ᠥᠭᠡᠷᠡᠴᠢᠯᠡᠯᠲᠡ ᠶᠢᠨ ᠶᠠᠪᠤᠴᠠ ᠂ ᠦᠷ᠎ᠡ ᠠᠰᠢᠭ ᠢ ᠳᠡᠭᠡᠭᠰᠢᠯᠡᠭᠦᠯᠦᠨ᠎ᠡ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠭᠡᠳ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ ᠶᠢ ᠠᠬᠢᠭᠤᠯᠤᠨ᠎ᠠ᠃ ᠤᠴᠢᠷ ᠶᠠᠪᠤᠳᠠᠯ ᠢ ᠡᠮᠬᠢᠯᠡᠨ ᠲᠢᠭᠯᠡᠬᠦ ᠶᠢ ᠢᠳᠡᠪᠬᠢᠲᠡᠶ ᠥᠷᠨᠢᠭᠦᠯᠵᠦ᠂ ᠦᠨᠡᠮᠯᠡᠯ ᠭᠦᠢᠴᠡᠳᠭᠡᠬᠦ ᠴᠠᠭ ᠤᠨ ᠬᠢᠵᠠᠭᠠᠷ ᠢ ᠶᠡᠬᠡᠪᠡᠷ ᠪᠠᠭᠠᠰᠬᠠᠨ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠪᠠᠷ ᠳᠠᠮᠵᠢᠭᠤᠯᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠭᠡᠳ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠤᠯᠪᠣᠭᠠᠯᠠᠨ ᠡᠷᠦᠬᠡ ᠰᠢᠯᠵᠢᠭᠦᠯᠬᠦ ᠶᠢ ᠪᠠᠶᠢᠭᠤᠯᠤᠨ᠎ᠠ︔ ᠠᠯᠪᠠᠨ ᠭᠡᠷᠡᠴᠢᠯᠡᠭᠡ ᠶᠢᠨ ᠪᠤᠰᠤ ᠵᠠᠯᠭᠠᠮᠵᠢᠯᠠᠯ ᠤᠨ ᠭᠠᠷᠳᠠᠮ ᠢ ᠳᠥᠭᠦᠮᠴᠢᠯᠡᠵᠦ᠂ ᠥᠯᠥ ᠬᠥᠳᠡᠯᠬᠦ ᠬᠥᠷᠥᠩᠭᠡ ᠶᠢᠨ ︽ᠳᠠᠨᠵᠢᠯᠠᠭ᠎ᠠ ᠲᠠᠢ ᠡᠷᠦᠬᠡ ᠶᠢ ᠰᠢᠯᠵᠢᠭᠦᠯᠬᠦ︾ ᠲᠤᠬᠠᠶᠢᠯᠠᠭᠰᠠᠨ ᠠᠵᠢᠯ ᠢ ᠬᠡᠷᠡᠭᠵᠢᠭᠦᠯᠦᠨ᠎ᠡ᠃ ᠪᠠᠷᠢᠴᠠᠭᠠᠨ ᠤ ᠡᠷᠬᠡᠲᠦ ᠬᠥᠮᠦᠨ ᠢᠶᠠᠷ ᠵᠥᠪᠰᠢᠶᠡᠷᠡᠭᠦᠯᠦᠭᠡᠳ᠂ ᠬᠠᠭᠤᠴᠢᠨ ᠵᠢᠭᠡᠯᠡᠯᠭᠡ ᠪᠠᠨ ᠤᠷᠢᠳᠴᠢᠯᠠᠨ ᠪᠤᠴᠠᠭᠠᠬᠤ᠂ ᠪᠠᠷᠢᠴᠠᠭ᠎ᠠ ᠪᠠᠨ ᠬᠦᠴᠦᠨ ᠦᠭᠡᠢ ᠪᠣᠯᠭᠠᠬᠤ ᠴᠢᠬᠤᠯᠠ ᠦᠭᠡᠢ᠂ ᠳᠠᠷᠤᠶ ᠡᠷᠦᠬᠡ ᠰᠢᠯᠵᠢᠭᠦᠯᠬᠦ᠂ ᠪᠠᠷᠢᠴᠠᠭᠠᠯᠠᠬᠤ ᠪᠠ ᠰᠢᠨ᠎ᠡ ᠵᠢᠭᠡᠯᠡᠯᠭᠡ ᠲᠠᠯᠪᠢᠬᠤ ᠵᠡᠷᠭᠡ ᠭᠠᠷᠳᠠᠮ ᠢ ᠬᠠᠮᠲᠤ ᠳᠤᠨᠢ ᠪᠡᠶᠡᠯᠡᠭᠦᠯᠵᠦ ᠪᠣᠯᠤᠨ᠎ᠠ᠃  ᠲᠣᠭᠲᠠᠭᠠᠯ ᠶᠣᠰᠣᠭᠠᠷ ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠰᠦᠢᠳᠬᠡᠯ ᠦᠯᠦ ᠬᠤᠷᠢᠶᠠᠬᠤ ᠲᠥᠷᠥ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠳᠡᠯᠭᠡᠷᠡᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ︽ᠥᠯᠥ ᠬᠥᠳᠡᠯᠬᠦ ᠬᠥᠷᠥᠩᠭᠡ ᠶᠢᠨ ᠠᠰᠠᠭᠤᠨ ᠯᠠᠪᠯᠠᠬᠤ ᠬᠦᠰᠦᠨᠦᠭᠲᠦ︾ ᠳᠤ ᠰᠢᠭᠢᠳᠬᠡᠵᠦ᠂ ᠵᠢᠵᠢᠭ ᠪᠢᠴᠢᠯ ᠠᠵᠤ ᠠᠬᠤᠶᠢᠯᠠᠯ ᠨᠢᠭᠡᠪᠦᠷᠢ ᠳᠤ ᠡᠨᠡ ᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠮᠡᠳᠡᠭᠦᠯᠬᠦ ᠬᠡᠷᠡᠭᠲᠡᠶ᠃ 2024 ᠣᠨ ᠤ ᠳᠡᠭᠡᠷ᠎ᠡ ᠬᠠᠭᠠᠰ ᠵᠢᠯ ᠳᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠨᠡᠶᠢᠲᠡ 90 ᠭᠠᠷᠤᠶ ᠵᠢᠵᠢᠭ ᠪᠢᠴᠢᠯ ᠠᠵᠤ ᠠᠬᠤᠶᠢᠯᠠᠯ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 160 ᠭᠠᠷᠤᠶ ᠲᠣᠭᠲᠠᠮᠠᠯ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠲᠥᠷᠥ ᠶᠢᠨ ᠪᠣᠳᠣᠯᠭ᠎ᠠ ᠶᠢᠨ ᠶᠣᠰᠣᠭᠠᠷ 7 ᠲᠦᠮᠡ ᠭᠠᠷᠤᠶ ᠲᠥᠭᠦᠷᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠵᠠᠷᠤᠳᠠᠯ ᠢ ᠬᠠᠰᠤᠵᠤ ᠬᠡᠯᠲᠦᠷᠢᠭᠦᠯᠪᠡ᠃
ᠢᠷᠡᠯᠲᠡ᠄ ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
Baidu
map