| 7 ᠳ᠋ᠤᠭᠠᠷ ᠰᠠᠷ᠎ᠠ ᠶᠢᠨ 28 ᠤ ᠡᠳᠦᠷ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠲᠠᠨ | ᠠᠵᠢᠯᠴᠢᠨ ᠤ ᠬᠥᠯ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠤᠷᠤᠯᠳᠤᠭᠠᠨ ᠤ ᠡᠩᠨᠡᠭᠡ ᠶᠢ ᠳᠡᠰ ᠠᠴᠠ ᠳᠠᠪᠠᠭᠰᠠᠨ ᠳᠤᠭᠤᠶᠢᠯᠠᠩ ᠪᠠ | ᠬᠥᠬᠡ ᠲᠠᠰ ᠤᠨ ᠳᠤᠭᠤᠶᠢᠯᠠᠩ ᠬᠤᠪᠢᠶᠠᠵᠤ᠂ ᠪᠥᠬᠦ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ 41 ᠰᠠᠯᠠᠭ᠎ᠠ ᠮᠥᠴᠢᠷ ᠤᠨ ᠨᠡᠶᠢᠲᠡ 31 | ᠲᠥᠯᠥᠭᠡᠯᠡᠭᠴᠢᠳ ᠤᠨ ᠠᠩᠭᠢ ᠪᠠᠷ ᠪᠦᠷᠢᠯᠳᠦᠭᠦᠯᠦᠨ᠎ᠡ᠃ 6 ᠳ᠋ᠤᠭᠠᠷ ᠰᠠᠷ᠎ᠠ ᠶᠢᠨ 29 ᠤ ᠡᠳᠦᠷ ᠠᠴᠠ ᠡᠬᠢᠯᠡᠨ᠂ ᠳᠤᠭᠤᠶᠢᠯᠠᠩ ᠤᠨ ᠤᠷᠤᠯᠳᠤᠭᠠᠨ᠂ ᠭᠠᠭᠴᠠ | ᠡᠭᠡᠯᠵᠢ ᠶᠢᠨ ᠰᠢᠭᠰᠢᠭᠳᠡᠯ ᠤᠷᠤᠯᠳᠤᠭᠠᠨ ᠤ ᠱᠠᠲᠤ ᠱᠠᠲᠤ ᠪᠠᠷ ᠰᠢᠯᠢᠨ ᠰᠣᠩᠭᠤᠬᠤ ᠪᠠ 1/4 ᠶᠢᠨ ᠰᠢᠢᠳᠪᠦᠷᠢᠲᠦ ᠤᠷᠤᠯᠳᠤᠭᠠᠨ᠂ ᠬᠠᠭᠠᠰ ᠰᠢᠢᠳᠪᠦᠷᠢᠲᠦ | ᠤᠷᠤᠯᠳᠤᠭᠠᠨ ᠤ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ | ᠲᠥᠯᠥᠭᠡᠯᠡᠭᠴᠢᠳ ᠤᠨ ᠠᠩᠭᠢ ᠡᠴᠦᠰ ᠲᠡᠭᠡᠨ ᠬᠥᠬᠡ ᠲᠠᠰ ᠤᠨ ᠳᠤᠭᠤᠶᠢᠯᠠᠩ ᠤᠨ 5 ᠳ᠋ᠤᠭᠠᠷ ᠨᠡᠷᠡᠰ ᠲᠤ ᠤᠷᠤᠭᠰᠠᠨ ᠰᠠᠶᠢᠨ ᠬᠢᠷᠢ ᠪᠦᠲᠦᠮᠵᠢ ᠤᠯᠪᠠ᠃ | ︽ᠠᠯᠪᠠᠨ ᠵᠠᠷᠤᠴᠠ ᠬᠤᠨᠳᠠᠭᠠᠲᠤ︾ ᠠᠵᠢᠯᠲᠠᠨ ᠠᠵᠢᠯᠴᠢᠨ ᠤ ᠬᠥᠯ ᠪᠥᠮᠪᠦᠭᠡ ᠶᠢᠨ ᠤᠷᠤᠯᠳᠤᠭᠠᠨ ᠢ 2014 ᠣᠨ ᠠᠴᠠ ᠣᠲᠣ ᠪᠣᠯᠲᠠᠯ᠎ᠠ ᠵᠠᠯᠭᠠᠭ᠎ᠠ ᠪᠠᠷ | 11 ᠬᠤᠭᠤᠴᠠᠭ᠎ᠠ ᠡᠷᠭᠢᠯᠡᠵᠦ᠂ ᠲᠦᠮᠡ ᠭᠠᠷᠤᠶ ᠬᠥᠯ ᠪᠥᠮᠪᠦᠭᠡ ᠶᠢᠨ ᠪᠠᠭ᠋ᠠᠲᠠᠶ ᠬᠥᠮᠦᠰ ᠲᠣᠰ ᠲᠥᠷᠥᠯ ᠤᠨ ᠤᠷᠤᠯᠳᠤᠭᠠᠨ ᠳᠤ ᠣᠷᠣᠯᠴᠠᠪᠠ᠃ ᠡᠨᠡ ᠵᠢᠯ ᠪᠣᠯ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠣᠯᠣᠳᠤᠭᠠᠷ ᠤᠳᠠᠭ᠎ᠠ ᠤᠷᠤᠯᠳᠤᠭᠠᠨ ᠳᠤ ᠣᠷᠣᠯᠴᠠᠭᠰᠠᠨ ᠶᠠᠪᠤᠳᠠᠯ ᠪᠣᠯᠤᠨ᠎ᠠ᠃ ᠤᠷᠤᠯᠳᠤᠭᠠᠨ ᠠᠴᠠ ᠡᠮᠦᠨ᠎ᠡ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠡᠷ᠎ᠡ ᠮᠡᠳᠡᠭᠦᠯᠬᠦ᠂ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ 30 ᠲᠠᠮᠢᠷᠴᠢᠨ ᠰᠣᠩᠭᠤᠨ ᠭᠠᠷᠭᠠᠵᠤ᠂ | ᠱᠠᠯᠠᠪᠳᠠᠨ ᠪᠣᠯᠪᠠᠰᠤᠷᠠᠵᠤ᠂ ᠡᠩᠨᠡᠭᠡ ᠪᠠᠨ ᠵᠣᠬᠢᠴᠠᠭᠤᠯᠤᠨ᠂ ᠠᠩᠭᠢ ᠶᠢᠨ ᠬᠡᠯᠪᠡᠷᠢ ᠳᠡᠭᠡᠨ ᠲᠣᠬᠢᠷᠠᠭᠤᠯᠤᠯᠲᠠ ᠬᠢᠪᠡ᠃ ᠤᠷᠤᠯᠳᠤᠭᠠᠨ ᠤ ᠲᠠᠯᠠᠪᠤᠷ ᠲᠤ᠂ ᠲᠠᠮᠢᠷᠴᠢᠳ | ᠰᠡᠳᠬᠢᠯ ᠨᠢᠭᠡᠳᠦᠨ ᠬᠠᠮᠵᠢᠯᠴᠠᠵᠤ᠂ ᠲᠡᠮᠡᠴᠡᠯ ᠤᠨ ᠵᠣᠷᠢᠭ ᠪᠠᠳᠠᠷᠠᠩᠭᠤᠢ᠂ ᠪᠣᠳᠠᠲᠤ ᠠᠵᠢᠯᠯᠠᠭ᠎ᠠ ᠪᠠᠷ ᠢᠶᠠᠨ ᠪᠠᠶᠢᠭᠠᠯᠢ ᠶᠢᠨ ᠡᠬᠢ ᠪᠠᠶᠠᠯᠢᠭ ᠤᠨ ᠬᠥᠮᠦᠨ ᠤ ᠦᠨᠡᠨ | ᠰᠡᠳᠬᠢᠯ ᠠᠴᠠ ᠪᠠᠨ ᠬᠠᠮᠵᠢᠯᠴᠠᠭᠰᠠᠨ᠂ ᠡᠭᠦᠷᠢᠳᠡ ᠢᠯᠠᠭᠳᠠᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠲᠠᠷᠠᠭᠠᠴᠢ ᠶᠢᠨ ᠠᠯᠬᠤᠮ ᠳᠤ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠨ ᠢᠶᠠᠷ ᠠᠵᠠ ᠲᠣᠬᠢᠶᠠᠯ ᠪᠣᠯᠭᠠᠵᠤ᠂ ᠺᠠᠳ᠋ᠷ ᠠᠵᠢᠯᠲᠠᠨ ᠠᠵᠢᠯᠴᠢᠨ ᠤ ᠨᠤᠭᠤᠷᠠᠰᠢ ᠥᠬᠡᠶ ᠤᠷᠤᠭᠰᠢᠯᠠᠨ ᠳᠠᠪᠰᠢᠬᠤ | ᠵᠣᠷᠢᠭ ᠰᠠᠨᠠᠭ᠎ᠠ ᠪᠠ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠪᠠᠷ ᠪᠠᠶᠢᠭᠠᠯᠢ ᠶᠢᠨ ᠡᠬᠢ ᠪᠠᠶᠠᠯᠢᠭ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠳᠡᠯᠭᠡᠬᠦ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ | ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠤᠨ᠎ᠠ᠃ | |